题名 |
ᠬᠤᠷᠤᠳ ᠲᠡᠬᠢ ᠪᠢᠴᠢᠯ ᠡᠯᠧᠮᠧᠨ᠋ᠲ ᠤᠨ ᠲᠤᠬᠠᠢ ᠰᠤᠳᠤᠯᠤᠯ |
作者 |
ᠬᠠᠰᠴᠢᠯᠠᠭᠤ; ᠡᠷᠳᠡᠨᠢᠰᠠᠩ |
关键词 |
ᠬᠤᠷᠤᠳ; ᠪᠢᠴᠢᠯ ᠡᠯᠧᠮᠧᠨ᠋ᠲ; ICP-AES |
摘要 |
ᠦᠩᠭᠡᠷᠡᠭᠰᠡᠨ ᠵᠢᠯ ᠦᠳ ᠲᠦ ᠵᠠᠷᠢᠮ ᠢᠳᠡᠭᠡᠨ ᠤᠮᠳᠠᠭᠠᠨ ᠳᠤ ᠠᠭᠤᠯᠤᠭᠳᠠᠵᠤ ᠪᠦᠬᠦᠢ ᠪᠢᠴᠢᠯ ᠡᠯᠧᠮᠧᠨ᠋ᠲ ᠲᠦ ᠵᠠᠳᠠᠯᠤᠯᠲᠠ ᠬᠢᠭᠡᠳ ᠦᠭᠦᠯᠡᠯ ᠨᠡᠯᠢᠶᠡᠳ ᠬᠠᠷᠠᠭᠳᠠᠵᠤ ᠪᠤᠢ᠃ ᠡᠳᠡᠭᠡᠷ ᠦᠭᠦᠯᠡᠯ ᠡᠴᠡ ᠪᠢᠳᠡ ᠰᠡᠷᠡᠯᠲᠡ ᠠᠪᠴᠤ ᠦᠪᠡᠷ ᠦᠨ ᠦᠷᠭᠦᠯᠵᠢ ᠢᠳᠡᠳᠡᠭ ᠬᠤᠷᠤᠳ ᠲᠤ ᠠᠭᠤᠯᠤᠭᠳᠠᠵᠤ ᠪᠦᠬᠦᠢ ᠬᠦᠮᠦᠨ ᠦ ᠪᠡᠶ᠎ᠡ ᠳᠦ ᠠᠰᠢᠭᠲᠠᠢ ᠪᠢᠴᠢᠯ ᠡᠯᠧᠮᠧᠨ᠋ᠲ ᠤᠨ ᠲᠤᠬᠠᠢ ᠠᠩᠬ᠎ᠠ ᠠᠯᠬᠤᠮ ᠤᠨ ᠰᠤᠳᠤᠯᠤᠯ ᠬᠢᠪᠡ᠃ ᠡᠭᠦᠨ ᠳᠦ ICP-AES ᠠᠷᠭ᠎ᠠ ᠶᠢ ᠬᠡᠷᠡᠭᠯᠡᠨ ᠳᠦᠷᠪᠡᠨ ᠠᠳᠠᠯᠢ ᠪᠤᠰᠤ ᠭᠠᠵᠠᠷ ᠣᠷᠤᠨ᠂ ᠠᠳᠠᠯᠢ ᠪᠤᠰᠤ ᠤᠷᠠᠯᠠᠯ ᠢᠶᠠᠷ ᠬᠢᠭᠰᠡᠨ ᠬᠤᠷᠤᠳ ᠲᠠᠬᠢ 6 ᠵᠤᠢᠯ ᠤᠨ ᠪᠢᠴᠢᠯ ᠡᠯᠧᠮᠧᠨ᠋ᠲ ᠢ ᠬᠠᠮᠲᠤ ᠳᠤᠨᠢ ᠬᠡᠮᠵᠢᠨ ᠲᠤᠭᠲᠠᠭᠠᠵᠠᠢ᠃ ᠬᠡᠮᠵᠢᠨ ᠲᠤᠭᠲᠠᠭᠠᠭᠰᠠᠨ ᠦᠷ᠎ᠡ ᠳ᠋ᠦᠩ ᠭᠡᠷᠡᠴᠢᠯᠡᠭᠰᠡᠨ ᠨᠢ᠄ ᠬᠤᠷᠤᠳ ᠲᠤ ᠬᠦᠮᠦᠨ ᠦ ᠪᠡᠶ᠎ᠡ ᠳᠦ ᠵᠠᠪᠠᠯ ᠱᠠᠭᠠᠷᠳᠠᠭᠳᠠᠬᠤ ᠪᠢᠴᠢᠯ ᠡᠯᠧᠮᠧᠨ᠋ᠲ Ca᠂ Mg᠂ Fe᠂ Cu᠂ Zn ᠵᠡᠷᠭᠡ ᠶᠢᠨ ᠠᠭᠤᠯᠤᠭᠳᠠᠴᠠ ᠨᠢ ᠨᠡᠯᠢᠶᠡᠳ ᠦᠨᠳᠦᠷ ᠪᠠᠢᠵᠤ᠂ ᠬᠦᠮᠦᠨ ᠦ ᠪᠡᠶ᠎ᠡ ᠳᠦ ᠬᠤᠤᠷᠠᠲᠠᠢ ᠬᠦᠨᠳᠦ ᠲᠡᠮᠦᠷᠯᠢᠭ ᠦᠨ ᠡᠯᠧᠮᠧᠨ᠋ᠲ Cr᠋ ᠤᠨ ᠠᠭᠤᠯᠤᠭᠳᠠᠴᠠ ᠬᠠᠷᠢᠨ ᠲᠤᠩ ᠳᠤᠤᠷ᠎ᠠ ᠪᠠᠢᠨ᠎ᠠ᠃ ᠪᠠᠷᠢᠮᠵᠢᠶ᠎ᠠ ᠠᠭᠤᠰᠤᠮᠠᠯ ᠨᠡᠮᠡᠵᠦ ᠬᠤᠷᠢᠶᠠᠨ ᠠᠪᠤᠭᠰᠠᠨ ᠨᠤᠷᠮ᠎ᠠ ᠨᠢ 95.8% ~ 108.5% ᠪᠠᠢᠵᠤ᠂ ᠬᠠᠷᠢᠴᠠᠩᠭᠤᠢ ᠪᠠᠷᠢᠮᠵᠢᠶ᠎ᠠ ᠬᠡᠮᠵᠢᠯᠲᠡ ᠶᠢᠨ ᠵᠦᠷᠢᠶ᠎ᠡ ᠨᠢ RSD≤1.13%᠂ ᠪᠠᠢᠴᠠᠭᠠᠯᠲᠠ ᠶᠢᠨ ᠬᠢᠵᠠᠭᠠᠷ ᠨᠢ ≤0.008μg/mL ᠪᠤᠢ᠃ |
原文 |
没有原文
|
出自 |
内蒙古师范大学学报(自然科学蒙古文版)
2013年
第1期
|