| 题名 | 
                ᠦᠪᠦᠷ ᠮᠤᠩᠭ᠋ᠤᠯ ᠤᠷᠤᠨ ᠤ ᠬᠦᠳᠡᠭᠡ ᠲᠤᠰᠬᠤᠨ ᠤ ᠭᠠᠵᠠᠷ ᠰᠢᠷᠤᠢ ᠵᠢ ᠰᠢᠯᠵᠢᠬᠦᠯᠬᠦ ᠠᠰᠠᠭᠤᠳᠠᠯ ᠤᠨ ᠲᠤᠬᠠᠢ | 
            
            
                | 作者 | 
                ᠡᡁᠸ ᠪᠤᠤ ᠰᠢᠶᠠᠩ | 
            
            
                | 关键词 | 
                ᠦᠪᠦᠷ ᠮᠤᠩᠭ᠋ᠤᠯ ᠤᠷᠤᠨ; ᠭᠠᠵᠠᠷ ᠰᠢᠷᠤᠢ ᠵᠢ ᠰᠢᠯᠵᠢᠬᠦᠯᠬᠦ; ᠲᠠᠷᠢᠶᠠᠯᠠᠩ ᠠᠵᠦ ᠦᠢᠯᠡᠰ | 
            
            
                | 摘要 | 
                ᠮᠠᠨ ᠤ ᠤᠯᠤᠰ ᠨᠢᠭᠡᠨᠳᠡ ᠦᠢᠯᠡᠳᠪᠤᠷᠢᠵᠢᠯᠡᠯᠳᠡ ᠪᠠ ᠬᠤᠳᠠᠴᠢᠯᠠᠯᠳᠠ ᠶᠢᠨ ᠴᠠᠭ ᠦᠶᠡ ᠳᠤ ᠤᠷᠤᠭᠰᠠᠨ ᠪᠠᠢ᠋ᠨᠠ᠃ ᠬᠦᠳᠡᠭᠡ ᠲᠤᠰᠬᠤᠨ ᠤ ᠭᠠᠵᠠᠷ ᠰᠢᠷᠤᠢ ᠵᠢ ᠲᠤᠬᠢᠷᠠᠮᠵᠢᠳᠡᠢ ᠰᠢᠯᠵᠢᠬᠦᠯᠬᠦ ᠨᠢ ᠬᠤᠳᠠ ᠬᠦᠳᠡᠭᠡ ᠶᠢᠨ ᠠᠵᠦ ᠠᠬᠤᠢ ᠵᠢ ᠨᠢᠭᠡᠳᠤᠯ ᠲᠠᠢ ᠬᠦᠭ᠍ᠵᠢᠬᠦᠯᠬᠦ ᠶᠢᠨ ᠵᠠᠩᠬᠢᠯᠭᠠ ᠶᠢᠨ ᠠᠰᠠᠭᠤᠳᠠᠯ ᠪᠤᠯᠬᠤ ᠪᠦᠭᠡᠳ ᠴᠦᠭᠡᠨ ᠲᠤᠭᠠᠳᠤ ᠦᠨᠳᠤᠰᠤᠳᠡᠨ ᠤ ᠤᠷᠤᠨ ᠤ ᠨᠠᠢ᠋ᠭᠡᠮ᠂ ᠠᠵᠦ ᠠᠬᠤᠢ ᠶᠢᠨ ᠬᠦᠭ᠍ᠵᠢᠯᠳᠡ ᠨᠡᠩ ᠴᠢᠨᠠᠭᠰᠢᠯᠠᠪᠠᠯ ᠤᠯᠤᠰ ᠲᠦᠷᠦ ᠶᠢᠨ ᠠᠮᠤᠷ ᠲᠤᠭᠳᠠᠭᠤᠨ ᠲᠠᠢ ᠰᠢᠭᠤᠳ ᠬᠤᠯᠪᠤᠭᠳᠠᠬᠤ ᠴᠢᠬᠤᠯᠠ ᠠᠰᠠᠭᠤᠳᠠᠯ ᠪᠤᠯᠤᠨᠠ᠃ ᠦᠬᠦᠯᠡᠯ ᠳᠤ ᠦᠪᠦᠷ ᠮᠤᠩᠭ᠋ᠤᠯ ᠤᠷᠤᠨ ᠤ ᠬᠦᠳᠡᠭᠡ ᠲᠤᠰᠬᠤᠨ ᠤ ᠭᠠᠵᠠᠷ ᠰᠢᠷᠤᠢ ᠵᠢ ᠰᠢᠯᠵᠢᠬᠦᠯᠬᠦ ᠶᠠᠪᠤᠴᠠ ᠲᠤᠮᠳᠠ ᠤᠷᠤᠰᠢᠵᠦ ᠪᠠᠢ᠋ᠭᠠ ᠠᠰᠠᠭᠤᠳᠠᠯ ᠤᠳ ᠢ ᠲᠤᠷᠠᠳᠤᠨ᠂ ᠭᠠᠵᠠᠷ ᠰᠢᠷᠤᠢ ᠵᠢ ᠰᠢᠯᠵᠢᠬᠦᠯᠬᠦ ᠰᠢᠯᠳᠠᠭᠠᠨ ᠢ ᠵᠠᠳᠠᠯᠤᠨ ᠰᠢᠨᠵᠢᠯᠡᠵᠦ᠂ ᠦᠪᠦᠷ ᠮᠤᠩᠭ᠋ᠤᠯ ᠤᠷᠤᠨ ᠤ ᠲᠠᠷᠢᠶᠠᠯᠠᠩ ᠤᠨ ᠦᠢᠯᠡᠰ ᠨᠢ ᠤᠯᠠᠮᠵᠢᠯᠠᠯᠳᠤ ᠪᠠᠢ᠋ᠳᠠᠯ ᠡᠴᠨ ᠤᠳᠤᠬᠢᠴᠢᠯᠡᠯᠳᠡ ᠵᠦᠭ ᠬᠦᠭ᠍ᠵᠢᠬᠦ ᠶᠠᠪᠤᠴᠠ ᠲᠤᠮᠳᠠ ᠭᠠᠵᠠᠷ ᠰᠢᠷᠤᠢ ᠵᠢ ᠰᠢᠯᠵᠢᠬᠦᠯᠬᠦ ᠠᠴᠢ ᠬᠤᠯᠪᠤᠭᠳᠠᠯ ᠵᠢᠴᠢ ᠲᠡᠬᠦᠨ ᠢ ᠬᠡᠷᠬᠢᠨ ᠲᠦᠷᠢᠮᠵᠢᠬᠦᠯᠬᠦ ᠲᠤᠬᠠᠢ ᠰᠦᠪᠡᠭ᠍ᠴᠢᠯᠡᠪᠡ᠃ | 
            
            
                | 原文 | 
                
                    
                    查看原文
                    
                 | 
            
          
            | 出自 | 
            
              内蒙古社会科学(蒙文版)
              2017年
               第1期
             |