摘要 |
ᠠᠭᠸᠠᠩᠳᠠᠨᠳᠠᠷ ᠪᠤᠯ 18᠋ ᠳᠤᠭᠠᠷ ᠵᠠᠭᠤᠨ ᠤ ᠰᠡᠭᠦᠯᠴᠢ᠂ 19᠋ ᠳᠦᠭᠡᠷ ᠵᠠᠭᠤᠨ ᠤ ᠡᠬᠢ ᠪᠡᠷ ᠠᠮᠢᠳᠤᠷᠠᠵᠤ ᠪᠠᠢ᠌ᠭᠰᠠᠨ ᠪᠤᠳ᠋ᠳ᠋ᠾᠠ ᠶᠢᠨ ᠱᠠᠰᠢᠨ ᠤ ᠵᠢᠳᠭᠦᠯᠲᠡᠨ ᠪᠦᠭᠡᠳ ᠮᠣᠩᠭ᠋ᠤᠯ ᠬᠡᠯᠡ᠂ ᠤᠷᠠᠨ ᠵᠤᠬᠢᠶᠠᠯ ᠤᠨ ᠣᠨᠣᠯᠴᠢ ᠶᠤᠮ᠃ ᠲᠤᠰ ᠦᠭᠦᠯᠡᠯ ᠦᠨ ᠵᠤᠬᠢᠶᠠᠭᠴᠢ᠂ ᠠᠭᠸᠠᠩᠳᠠᠨᠳᠠᠷ ᠤᠨ ᠬᠦᠷᠴᠦ ᠦᠩᠭᠡᠷᠡᠭᠰᠡᠨ ᠰᠦᠮ᠎ᠡ ᠬᠡᠢ᠌ᠳ ᠢᠶᠡᠷ ᠰᠤᠷᠪᠤᠯᠵᠢᠯᠠᠨ ᠶᠠᠪᠤᠵᠤ᠂ ᠬᠤᠯᠪᠤᠭᠳᠠᠯ ᠪᠦᠬᠦᠢ ᠰᠤᠳᠤᠷ ᠨᠤᠮ ᠢ ᠬᠦᠷᠪᠡᠭᠦᠯᠦᠨ ᠠᠰᠢᠭᠯᠠᠵᠤ᠂ ᠲᠡᠦᠬᠡᠨ ᠳᠠᠩᠰᠠ ᠡᠪᠬᠡᠮᠡᠯ ᠢ ᠨᠢᠭᠲᠠᠯᠠᠨ ᠰᠢᠨᠵᠢᠯᠡᠵᠦ᠂ ᠠᠭᠸᠠᠩᠳᠠᠨᠳᠠᠷ ᠤᠨ ᠨᠢᠭᠡ ᠨᠠᠰᠤᠨ ᠤ ᠦᠢᠯᠡ ᠠᠵᠢᠯᠯᠠᠭ᠎ᠠ ᠬᠢᠭᠡᠳ ᠲᠡᠭᠦᠨ ᠦ ᠵᠤᠬᠢᠶᠠᠯ ᠪᠦᠲᠦᠭᠡᠯ ᠢ ᠲᠤᠢ᠌ᠮᠤᠴᠢᠯᠠᠨ ᠲᠠᠨᠢᠯᠴᠠᠭᠤᠯᠵᠤ᠂ ᠲᠡᠭᠦᠨ ᠦ ᠲᠤᠬᠠᠢ ᠦᠩᠭᠡᠷᠡᠭᠰᠡᠨ ᠦ ᠵᠠᠷᠢᠮ ᠪᠤᠷᠤᠭᠤ ᠣᠢ᠌ᠯᠠᠭᠠᠯᠲᠠ ᠪᠠ ᠤᠯᠠᠮᠵᠢᠯᠠᠯ ᠶᠠᠷᠢᠶ᠎ᠠ ᠶᠢ ᠵᠠᠯᠠᠷᠠᠭᠤᠯᠬᠤ ᠪᠠᠷ ᠣᠷᠤᠯᠳᠤᠭᠰᠠᠨ ᠪᠠᠢ᠌ᠨ᠎ᠠ᠃ |