摘要 |
ᠪᠤᠭᠲᠠ ᠠᠭᠤᠯᠠ ᠶᠢᠨ ᠤᠪᠤᠭ᠎ᠠ ᠪᠤᠯ ᠬᠦᠯᠦᠨ ᠪᠤᠢ᠌ᠷ ᠤᠷᠤᠨ ᠳᠡᠬᠢ ᠬᠠᠮᠤᠭ ᠶᠡᠬᠡ ᠪᠦᠭᠡᠳ ᠬᠠᠮᠤᠭ ᠤᠨ ᠲᠦᠯᠦᠭᠡᠯᠡᠬᠦ ᠴᠢᠨᠠᠷᠲᠠᠢ ᠤᠪᠤᠭ᠎ᠠ ᠪᠤᠯᠤᠨ᠎ᠠ᠃ ᠳᠡᠭᠦᠨ ᠦ 200 ᠢᠯᠡᠭᠦᠦ ᠵᠢᠯ ᠤᠨ ᠳᠡᠦᠬᠡ ᠲᠠᠢ ᠳᠠᠬᠢᠯᠭ᠎ᠠ ᠨᠢ ᠵᠢᠯ ᠪᠦᠷᠢ ᠬᠤᠶᠠᠷ ᠤᠳᠠᠭ᠎ᠠ ᠠᠭᠤᠯᠠ ᠳᠠᠬᠢᠬᠤ ᠵᠠᠩ ᠦᠢᠯᠡ ᠲᠠᠢ ᠤᠶᠠᠯᠳᠤᠨ ᠶᠠᠪᠤᠭᠳᠠᠳᠠᠭ ᠪᠠᠢ᠌ᠨ᠎ᠠ᠃ ᠳᠠᠬᠢᠬᠤ ᠪᠦᠷᠢ ᠬᠦᠮᠦᠨ ᠦ ᠲᠤᠭ᠎ᠠ ᠲᠦᠮᠡ ᠶᠢ ᠳᠠᠪᠠᠵᠤ ᠪᠤᠢ ᠲᠤᠯᠠ ᠳᠡᠷᠡ ᠨᠢ ᠲᠤᠢ᠋ᠯ ᠤᠨ ᠶᠡᠬᠡ ᠠᠮᠢᠵᠢᠷᠠᠯ ᠤᠨ ᠬᠦᠴᠦᠨ ᠲᠠᠢ ᠰᠤᠶᠤᠯ ᠤᠨ ᠦᠵᠡᠭᠳᠡᠯ ᠪᠤᠯᠵᠤ ᠭᠠᠵᠠᠷ ᠤᠷᠤᠨ ᠦ ᠨᠦᠯᠦᠭᠡ ᠶᠢ ᠶᠠᠭᠡᠪᠡᠷ ᠦᠷᠭᠡᠳᠭᠡᠨ ᠂ ᠵᠢᠭᠤᠯᠴᠢᠯᠠᠯ ᠤᠨ ᠦᠢᠯᠡᠰ ᠪᠠ ᠡᠶ ᠡ ᠨᠠᠢ᠌ᠷᠠᠮᠳᠠᠭᠤ ᠨᠡᠢ᠌ᠭᠡᠮ ᠤᠨ ᠪᠦᠳᠦᠭᠡᠨ ᠪᠠᠢ᠌ᠭᠤᠯᠤᠯᠲᠠ ᠵᠢᠴᠢ ᠰᠤᠶᠤᠯ ᠤᠨ ᠲᠤᠮᠤ ᠤᠷᠤᠨ ᠢ ᠪᠠᠢ᠌ᠭᠤᠯᠬᠤ ᠳᠤ ᠲᠤᠩ ᠶᠡᠬᠡ ᠠᠬᠢᠭᠤᠯᠬᠤ ᠦᠢᠯᠡᠳᠦᠯ ᠦᠵᠡᠭᠦᠯᠬᠦ ᠪᠤᠯᠤᠨ᠎ᠠ᠃ |