摘要 |
ᠨᠡᠭᠦᠳᠡᠯ ᠦᠨ ᠮᠠᠯ ᠠᠵᠤ ᠠᠬᠤᠢ ᠪᠤᠯ ᠮᠠᠯ ᠠᠵᠤ ᠠᠬᠤᠢ ᠶᠢᠨ ᠬᠦᠭ᠍ᠵᠢᠯᠲᠡ ᠶᠢᠨ ᠶᠠᠪᠤᠴᠠ ᠳᠠᠬᠢ ᠬᠤᠶᠠᠳᠤᠭᠠᠷ ᠱᠠᠲᠤ ᠮᠦᠨ᠃ ᠡᠨᠡᠬᠦ ᠱᠠᠲᠤᠨ ᠳᠤ ᠬᠡᠳᠦᠢ᠌ᠪᠡᠷ ᠠᠩ᠋ᠬᠠᠳᠤᠭᠠᠷ ᠤᠳᠠᠭᠠᠨ ᠤ ᠨᠡᠢ᠌ᠭᠡᠮ ᠦᠨ ᠠᠵᠢᠯ ᠤᠨ ᠬᠤᠪᠢᠶᠠᠷᠢ ᠪᠤᠢ ᠪᠤᠯᠵᠤ ᠬᠦᠭ᠍ᠵᠢᠨ ᠪᠤᠯᠪᠠᠰᠤᠷᠠᠭᠰᠠᠨ ᠪᠤᠯᠪᠠᠴᠤ᠂ ᠬᠤᠶᠠᠷ ᠭᠤᠷᠪᠠᠳᠤᠭᠠᠷ ᠤᠳᠠᠭᠠᠨ ᠤ ᠨᠡᠢ᠌ᠭᠡᠮ ᠦᠨ ᠠᠵᠢᠯ ᠤᠨ ᠬᠤᠪᠢᠶᠠᠷᠢ ᠨᠢ ᠵᠠᠷᠢᠮᠳᠤᠭ ᠢᠶᠠᠷ ᠬᠦᠭ᠍ᠵᠢᠵᠦ ᠪᠠᠢ᠌ᠭᠰᠠᠨ ᠤᠴᠢᠷ ᠠᠴᠠ᠂ ᠵᠤᠭᠤᠰᠤᠨ ᠬᠡᠯᠪᠡᠷᠢ᠂ ᠠᠷᠠᠯᠵᠢᠶ᠎ᠠ ᠬᠤᠳᠠᠯᠳᠤᠭ᠎ᠠ ᠶᠢᠨ ᠬᠦᠭ᠍ᠵᠢᠯᠲᠡ ᠨᠢ ᠴᠦ ᠳᠤᠲᠠᠭᠤ ᠳᠤᠯᠢᠮᠠᠭ ᠪᠠᠢ᠌ᠪᠠ᠃ ᠡᠭᠦᠨ ᠡᠴᠡ ᠭᠠᠳᠠᠨ᠎ᠠ᠂ ᠮᠣᠩᠭ᠋ᠤᠯ ᠬᠠᠭᠠᠨᠲᠤ ᠤᠯᠤᠰ ᠤᠨ ᠨᠡᠭᠦᠳᠡᠯ ᠦᠨ ᠮᠠᠯ ᠠᠵᠤ ᠠᠬᠤᠢ ᠶᠢᠨ ᠲᠤᠰ ᠪᠡᠶ᠎ᠡ ᠶᠢᠨ ᠬᠢᠨᠢ ᠬᠢᠵᠠᠭᠠᠷᠳᠠᠮᠠᠯ ᠴᠢᠨᠠᠷ᠂ ᠴᠡᠷᠢᠭ ᠵᠠᠰᠠᠭ ᠦᠢᠯᠡᠳᠪᠦᠷᠢᠯᠡᠯ ᠨᠢᠭᠡᠲᠦᠭᠰᠡᠨ ᠤᠯᠤᠰ ᠲᠦᠷᠦ — ᠠᠵᠤ ᠠᠬᠤᠢ ᠶᠢᠨ ᠲᠤᠭᠳᠠᠯᠴᠠᠭ᠎ᠠ᠂ ᠡᠵᠡᠨ ᠬᠠᠭᠠᠨ ᠭᠠᠭᠴᠠ ᠬᠦᠮᠦᠨ ᠦ ᠦᠮᠴᠢ ᠪᠡᠷ ᠢᠯᠡᠷᠡᠭᠰᠡᠨ ᠤᠯᠤᠰ ᠤᠨ ᠦᠮᠴᠢᠯᠡᠯᠯ ᠦᠨ ᠬᠡᠯᠪᠡᠷᠢ ᠵᠡᠷᠭᠡ ᠨᠢ ᠴᠦ ᠠᠷᠠᠯᠵᠢᠶ᠎ᠠ ᠬᠤᠳᠠᠯᠳᠤᠭᠠᠨ ᠤ ᠪᠡᠶ ᠡ ᠪᠡᠨ ᠳᠠᠭᠠᠭᠠᠭᠰᠠᠨ ᠠᠵᠤ ᠠᠬᠤᠢ ᠶᠢᠨ ᠰᠠᠯᠠᠭ᠎ᠠ ᠮᠦᠴᠢᠷ ᠪᠤᠯᠤᠨ ᠬᠦᠭ᠍ᠵᠢᠬᠦ ᠶᠠᠪᠤᠳᠠᠯ ᠢ ᠬᠠᠷᠰᠢᠯᠠᠵᠤ ᠪᠠᠢ᠌ᠪᠠ ᠭᠡᠰᠡᠨ ᠦᠵᠡᠯᠲᠡ ᠶᠢ ᠲᠤᠰ ᠦᠭᠦᠯᠡᠯ ᠳᠦ ᠳᠡᠪᠰᠢᠭᠦᠯᠵᠡᠢ᠃ |