题名 |
ᠨᠡᠢᠲᠡ ᠶᠢᠨ ᠲᠦᠷᠦ ᠶᠢᠨ ᠪᠣᠳᠤᠯᠭ᠎ᠠ ᠶᠢᠨ ᠤᠬᠠᠭᠠᠨ》 ᠤ ᠬᠢᠴᠢᠶᠡᠯᠯᠡᠭᠡ ᠶᠢᠨ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢᠨ ᠲᠣᠬᠠᠢ |
作者 |
ᠠᠷᠪᠠᠨᠵᠢᠩ |
关键词 |
ᠨᠡᠢᠲᠡ ᠶᠢᠨ ᠲᠦᠷᠦ ᠶᠢᠨ ᠪᠣᠳᠤᠯᠭ᠎ᠠ ᠶᠢᠨ ᠤᠬᠠᠭᠠᠨ;ᠬᠢᠴᠢᠶᠡᠯ ᠤᠨ ᠠᠭᠤᠯᠭ᠎ᠠ ᠶᠢᠨ ᠰᠢᠯᠢᠳᠡᠭᠵᠢᠭᠦᠯᠦᠯᠲᠡ; ᠵᠢᠭᠠᠨ ᠰᠤᠷᠭᠠᠯᠲᠠ ᠶᠢᠨ ᠦᠭᠡᠷᠡᠴᠢᠯᠡᠯᠲᠡ; ᠰᠢᠨ᠎ᠠ ᠡᠭᠦᠳᠦᠯᠲᠡ |
摘要 |
ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠦᠭᠡᠷᠡᠴᠢᠯᠡᠯᠲᠡ ᠶᠢᠨ ᠭᠤᠤᠯ ᠠᠰᠠᠭᠤᠳᠠᠯ ᠪᠣᠯ ᠲᠠᠷᠤᠢ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠪᠣᠯᠤᠨ᠎ᠠ᠃ ᠡᠭᠦᠨ ᠳ᠋ᠤ ᠰᠤᠷᠭᠠᠨ ᠬᠦᠮᠦᠵᠢᠯ ᠤᠨ ᠠᠭᠤᠯᠭ᠎ᠠ᠂ ᠵᠢᠭᠠᠨ ᠰᠤᠷᠭᠠᠯᠲᠠ ᠶᠢᠨ ᠠᠷᠭ᠎ᠠ᠂ᠰᠢᠯᠭᠠᠯᠲᠠ ᠶᠢᠨ ᠠᠷᠭ᠎ᠠ ᠬᠢᠭᠡᠳ ᠵᠢᠭᠠᠨ ᠰᠤᠷᠭᠠᠯᠲᠠ ᠶᠢᠨ ᠦᠨᠡᠯᠡᠯᠲᠡ ᠵᠡᠷᠭᠡ ᠶᠡᠷᠦᠩᠬᠡᠢᠴᠢᠯᠡᠭᠰᠡᠨ ᠦᠭᠡᠷᠡᠴᠢᠯᠡᠯᠲᠡ ᠪᠠᠭᠳᠠᠨ᠎ᠠ᠃ ᠨᠡᠢᠲᠡ ᠶᠢᠨ ᠲᠦᠷᠦ ᠶᠢᠨ ᠪᠣᠳᠤᠯᠭ᠎ᠠ ᠶᠢᠨ ᠤᠬᠠᠭᠠᠨ ᠪᠣᠯ ᠨᠡᠢᠲᠡ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠵᠠᠪᠠᠯ ᠰᠤᠷᠬᠤ ᠭᠤᠤᠯ ᠬᠢᠴᠢᠶᠡ ᠮᠦᠨ᠃ ᠲᠤᠰ ᠦᠭᠦᠯᠡᠯ ᠳ᠋ᠤ᠂ ᠨᠡᠢᠲᠡ ᠶᠢᠨ ᠬᠠᠮᠢᠶᠠᠷᠤᠯᠲᠠ ᠶᠢᠨ ᠤᠬᠠᠭᠠᠨ ᠤ ᠭᠤᠤᠯ ᠠᠭᠤᠯᠭ᠎ᠠ ᠪᠠ ᠵᠢᠭᠠᠨ ᠰᠤᠷᠭᠠᠯᠲᠠ ᠶᠢᠨ ᠬᠦᠳᠦᠯᠪᠦᠷᠢ ᠶᠢᠨ ᠱᠠᠭᠠᠷᠳᠠᠯᠭ᠎ᠠ ᠵᠢ ᠦᠨᠳᠦᠰᠦᠯᠡᠵᠦ᠂ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠰᠢᠨ᠎ᠡ ᠵᠢ ᠡᠭᠦᠳᠬᠦ ᠴᠢᠳᠠᠪᠤᠷᠢᠲᠠᠨ ᠢ ᠮᠦᠨᠦᠵᠢᠬᠦᠯᠬᠦ ᠬᠠᠷᠠᠯᠲᠠ ᠶᠢᠨ ᠰᠠᠭᠤᠷᠢᠨ ᠲᠡᠭᠡᠷ ᠡ᠂ ᠦᠨᠳᠦᠰᠦᠨ ᠠᠩᠬᠢ ᠶᠢᠨ ᠰᠤᠷᠤᠭᠴᠢᠳ ᠲᠤ ᠨᠡᠢᠲᠡ ᠶᠢᠨ ᠲᠦᠷᠦ ᠶᠢᠨ ᠪᠣᠳᠤᠯᠭ᠎ᠠ ᠶᠢᠨ ᠤᠬᠠᠭᠠᠨ ᠤ ᠬᠢᠴᠢᠶᠡᠯ ᠢ ᠵᠢᠭᠠᠬᠤ ᠳ᠋ᠤ ᠡᠷᠭᠡᠪᠰᠢ ᠵᠢᠭᠠᠬᠤ ᠠᠷᠭ᠎ᠠ ᠶᠢᠨ ᠦᠭᠡᠷᠡᠴᠢᠯᠡᠯᠲᠡ ᠡᠴᠡ ᠭᠠᠷᠳᠠᠬᠤ ᠵᠢ ᠴᠢᠬᠤᠯᠠᠴᠢᠯᠠᠵᠤ᠂ ᠪᠠᠭᠰᠢ ᠰᠤᠷᠤᠭᠴᠢ ᠬᠠᠷᠢᠯᠴᠠᠨ ᠶᠠᠷᠢᠯᠴᠠᠬᠤ᠂ ᠵᠢᠱᠢᠶ ᠡ ᠵᠠᠳᠠᠯᠤᠯᠲᠠ ᠬᠢᠬᠦ᠂ ᠰᠦᠪᠡᠭᠴᠢᠯᠠᠨ ᠤᠬᠠᠴᠢᠢᠯᠠᠬᠤ᠂ᠦᠵᠡᠭᠦᠯᠦᠯᠭᠡ ᠶᠢᠨ ᠬᠡᠯᠪᠡᠷᠢ ᠵᠡᠷᠭᠡ ᠤᠯᠠᠨ ᠵᠦᠢᠯ ᠤᠨ ᠵᠢᠭᠠᠨ ᠰᠤᠷᠭᠠᠯᠲᠠ ᠶᠢᠨ ᠠᠷᠭ᠎ᠠ ᠵᠢ ᠠᠮᠢᠳᠤᠯᠢᠭ ᠢᠢᠡᠷ ᠠᠰᠢᠭᠯᠠᠵᠤ᠂ ᠤᠨᠤᠯ ᠤᠨ ᠰᠤᠷᠤᠯᠴᠠᠯᠭ᠎ᠠ ᠵᠢ ᠶᠠᠷᠢᠯᠴᠠᠨ ᠰᠤᠯᠢᠯᠴᠠᠬᠤ᠂ ᠰᠣᠷᠢᠯᠲᠠ ᠦᠢᠯᠡᠳᠦᠯᠭᠡ ᠵᠡᠷᠭᠡ ᠪᠡᠶᠡᠴᠢ ᠤᠬᠠᠮᠰᠠᠷᠲᠤ ᠰᠤᠷᠤᠯᠭ᠎ᠠ ᠪᠠ ᠦᠢᠯᠡᠳᠦᠯᠭᠡ ᠲᠠᠳᠤᠯᠭ᠎ᠠ ᠲᠠᠢ ᠨᠢ ᠨᠢᠭᠲᠠ ᠤᠷᠭᠠᠨᠢᠭ ᠢᠢᠡᠷ ᠤᠶᠠᠯᠳᠤᠭᠤᠯᠵᠤ᠂ ᠨᠡᠢᠭᠡᠮ ᠳ᠋ᠤ ᠬᠡᠷᠡᠭᠴᠡᠭᠡᠲᠦ ᠪᠦᠬᠦᠢ ᠴᠢᠳᠠᠪᠤᠷᠢᠲᠠᠨ ᠢ ᠬᠦᠮᠦᠵᠢᠬᠦᠯᠬᠦ ᠵᠢ ᠰᠣᠳᠤᠯᠤᠨ ᠰᠦᠪᠡᠭᠴᠢᠯᠡᠪᠡ᠃ |
原文 |
查看原文
|
出自 |
内蒙古师范大学学报
2012年
第4期
|