题名 |
ᠨᠡᠢᠭᠡᠮ ᠦᠨ ᠡᠵᠡᠩᠨᠡᠯᠲᠡ ᠪᠤᠷᠤᠯᠠᠭᠤᠯᠭ᠎ᠠ ᠶᠢᠨ ᠬᠠᠷᠠᠭᠠᠰᠤ ᠠᠴᠠ ᠡᠷᠡᠭᠦᠯ ᠮᠡᠨᠳᠦ ᠶᠢᠨ ᠠᠭᠢᠭᠤᠯᠤᠯ ᠢ ᠰᠢᠨᠵᠢᠯᠡᠬᠦ ᠨᠢ |
作者 |
ᠡᠩᠬᠡ; ᠪᠤᠤ ᠬᠦᠭᠵᠢᠯᠲᠦ; ᠮᠦᠩᠬᠡᠮᠠᠨᠳᠤᠬᠤ |
关键词 |
ᠨᠡᠢᠭᠡᠮ ᠦᠨ ᠡᠵᠡᠩᠨᠡᠯᠲᠡ ᠪᠤᠷᠤᠯᠠᠭᠤᠯᠭ᠎ᠠ; ᠡᠷᠡᠭᠦᠯ ᠮᠡᠨᠳᠦ ᠶᠢ ᠠᠭᠢᠭᠤᠯᠬᠤ; ᠬᠦᠮᠦᠰ ᠦᠨ ᠠᠵᠢᠯᠯᠠᠭ᠎ᠠ ᠶᠢ ᠬᠤᠪᠢᠷᠠᠭᠤᠯᠬᠤ |
摘要 |
ᠨᠡᠢᠭᠡᠮ ᠦᠨ ᠡᠵᠡᠩᠨᠡᠯᠲᠡ ᠪᠤᠷᠤᠯᠠᠭᠤᠯᠭ᠎ᠠ ᠶᠢᠨ ᠬᠠᠷᠠᠭᠠᠰᠤ ᠠᠴᠠ ᠡᠷᠡᠭᠦᠯ ᠮᠡᠨᠳᠦ ᠶᠢ ᠠᠭᠢᠭᠤᠯᠬᠤ ᠶᠢᠨ ᠰᠢᠨᠵᠢ ᠴᠢᠨᠠᠷ ᠪᠠ ᠤᠳᠬ᠎ᠠ ᠠᠭᠤᠯᠭ᠎ᠠ ᠶᠢ ᠠᠵᠢᠭᠯᠠᠵᠤ᠂ ᠡᠷᠡᠭᠦᠯ ᠮᠡᠨᠳᠦ ᠶᠢ ᠴᠢᠩᠭᠠᠳᠬᠠᠬᠤ ᠶᠠᠪᠤᠴᠠ ᠳᠠᠬᠢ ᠬᠡᠳᠦᠨ ᠵᠤᠢᠯ ᠤᠨ ᠠᠵᠢᠯᠯᠠᠭ᠎ᠠ ᠶᠢ ᠬᠤᠪᠢᠷᠠᠭᠤᠯᠬᠤ ᠣᠨᠣᠯ ᠪᠠ ᠵᠠᠭᠪᠤᠷ ᠢ ᠬᠡᠷᠡᠭᠯᠡᠵᠦ ᠪᠤᠯᠬᠤ ᠴᠢᠨᠠᠷ ᠢ ᠶᠠᠷᠢᠯᠴᠠᠵᠤ᠂ ᠲᠡᠷᠡᠴᠢᠯᠡᠨ ᠲᠤᠰ ᠬᠦᠷᠢᠶᠡᠨ ᠳᠡᠬᠢ ᠰᠤᠳᠤᠯᠭᠠᠨ ᠤ ᠢᠷᠡᠭᠡᠳᠦᠢ ᠶᠢ ᠪᠠᠷᠠᠯᠠᠯ᠎ᠠ᠃ ᠰᠤᠳᠤᠯᠭᠠᠨ ᠳᠤ ᠢᠯᠡᠷᠡᠭᠦᠯᠦᠭᠰᠡᠨ ᠢᠶᠡᠷ᠄ ᠴᠢᠯᠦᠭᠡᠲᠦ ᠪᠠᠢᠳᠠᠯ ᠤᠨ ᠪᠡᠯᠭᠡ ᠲᠡᠮᠳᠡᠭ ᠦᠨ ᠴᠢᠨᠠᠷᠲᠠᠢ ᠭᠦᠢᠴᠡᠳᠭᠡᠯ ᠲᠤᠭ᠎ᠠ ᠪᠤᠯᠤᠭᠰᠠᠨ ᠤ ᠬᠤᠪᠢ ᠳᠤ᠂ ᠬᠦᠮᠦᠰ ᠪᠦᠷ ᠡᠷᠡᠭᠦᠯ ᠮᠡᠨᠳᠦ ᠶᠢ ᠬᠦᠰᠡᠳᠡᠭ᠂ ᠭᠡᠪᠡᠴᠦ ᠮᠡᠨᠳᠦ ᠶᠢ ᠬᠡᠷᠬᠢᠨ ᠣᠯᠬᠤ ᠲᠤᠬᠠᠢ ᠬᠦᠮᠦᠰ ᠦᠨ ᠪᠤᠳᠤᠯ ᠶᠡᠷᠦᠨᠢ ᠪᠤᠯᠪᠠᠰᠤᠷᠠᠩᠭᠤᠢ ᠪᠤᠰᠤ ᠱᠠᠲᠤᠨ ᠳᠤ ᠣᠷᠤᠰᠢᠭᠰᠠᠭᠠᠷ ᠪᠠᠢᠨ᠎ᠠ᠃ ᠡᠢᠮᠦ ᠡᠴᠡ ᠬᠦᠮᠦᠰ ᠦᠨ ᠡᠷᠡᠭᠦᠯ ᠮᠡᠨᠳᠦ ᠶᠢ ᠣᠯᠬᠤ ᠬᠠᠯᠠᠭᠤᠨ ᠰᠡᠳᠬᠢᠯᠭᠡ ᠶᠢ ᠬᠦᠭᠵᠢᠭᠡᠵᠦ᠂ ᠲᠡᠳᠡᠨ ᠢ ᠬᠦᠲᠦᠯᠦᠨ ᠵᠢᠯᠤᠭᠤᠳᠴᠤ ᠪᠠᠢᠭᠠᠳ ᠪᠡᠶ᠎ᠡ ᠪᠡᠷ ᠨᠢ ᠦᠢᠯᠡᠳᠦᠯᠭᠡᠵᠢᠭᠦᠯᠬᠦ ᠪᠦᠭᠡᠳ ᠦᠪᠡᠷ ᠦᠨ ᠲᠤᠷᠰᠢᠯᠭ᠎ᠠ ᠲᠠᠢ ᠪᠤᠯᠭᠠᠨ᠎ᠠ᠃ ᠠᠷᠠᠳ ᠨᠡᠢᠲᠡ ᠶᠢᠨ ᠡᠷᠡᠭᠦᠯ ᠮᠡᠨᠳᠦ ᠶᠢ ᠠᠭᠢᠭᠤᠯᠬᠤ ᠶᠠᠪᠤᠳᠠᠯ ᠨᠢ ᠨᠢᠭᠡ ᠤᠳᠠᠭ᠎ᠠ ᠶᠢᠨ ᠰᠡᠭᠡᠭᠡᠷᠡᠭᠦᠯᠬᠦ ᠬᠦᠳᠡᠯᠭᠡᠭᠡᠨ ᠮᠦᠨ ᠭᠡᠵᠦ ᠬᠡᠯᠡᠵᠦ ᠪᠤᠯᠤᠨ᠎ᠠ᠃ ᠨᠡᠢᠭᠡᠮ ᠦᠨ ᠡᠵᠡᠩᠨᠡᠯᠲᠡ ᠪᠤᠷᠤᠯᠠᠭᠤᠯᠭ᠎ᠠ ᠶᠢᠨ ᠠᠷᠭ᠎ᠠ ᠪᠤᠳᠤᠯᠭ᠎ᠠ ᠪᠠᠷ ᠡᠷᠡᠭᠦᠯ ᠮᠡᠨᠳᠦ ᠶᠢ ᠠᠭᠢᠭᠤᠯᠬᠤ ᠶᠢ ᠠᠷᠠᠳ ᠣᠯᠠᠨ ᠳᠤ ᠲᠤᠰᠠᠲᠠᠢ ᠣᠢᠯᠠᠭᠠᠭᠳᠠᠬᠤᠨ ᠤ ᠦᠢᠯᠡᠳᠭᠦᠨ ᠢᠶᠡᠷ ᠦᠵᠡᠵᠦ᠂ ᠡᠷᠡᠭᠦᠯ ᠮᠡᠨᠳᠦ ᠶᠢ ᠠᠭᠢᠭᠤᠯᠬᠤ ᠳᠤ ᠠᠪᠴᠤ ᠪᠦᠬᠦᠢ ᠵᠤᠷᠢᠯᠭ᠎ᠠ ᠲᠠᠢ᠂ ᠵᠤᠷᠢᠯᠭ᠎ᠠ ᠦᠭᠡᠢ᠂ ᠪᠡᠯᠡᠳᠭᠡᠯ ᠲᠡᠢ᠂ ᠪᠠᠷᠢᠮᠲᠠᠯᠠᠬᠤ ᠵᠡᠷᠭᠡ ᠠᠳᠠᠯᠢ ᠪᠤᠰᠤ ᠣᠪᠤᠷ ᠲᠠᠢ ᠬᠦᠮᠦᠰ ᠲᠦ ᠵᠤᠷᠢᠯᠭ᠎ᠠ ᠲᠠᠢ ᠪᠠᠷ ᠡᠵᠡᠩᠨᠡᠨ ᠪᠤᠷᠤᠯᠠᠭᠤᠯᠤᠯᠲᠠ ᠬᠢᠵᠦ᠂ ᠬᠦᠮᠦᠰ ᠦᠨ ᠠᠵᠢᠯᠯᠠᠭ᠎ᠠ ᠶᠢ ᠬᠤᠪᠢᠷᠠᠭᠤᠯᠬᠤ ᠪᠠᠷ ᠳᠠᠮᠵᠢᠭᠤᠯᠤᠨ᠂ ᠪᠦᠬᠦ ᠨᠡᠢᠭᠡᠮ ᠦᠨ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠵᠦ᠂ ᠡᠮᠨᠡᠯᠭᠡ ᠶᠢᠨ ᠵᠠᠷᠤᠳᠠᠯ ᠢ ᠪᠠᠭᠠᠰᠬᠠᠬᠵᠤ᠂ ᠵᠢᠷᠭᠠᠯᠲᠤ ᠰᠡᠳᠬᠢᠯᠭᠡ ᠶᠢ ᠨᠢ ᠳᠡᠭᠡᠭᠰᠢᠯᠡᠭᠦᠯᠬᠦ ᠵᠤᠷᠢᠯᠲᠠ ᠳᠠᠭᠠᠨ ᠬᠦᠷᠦᠨ᠎ᠡ᠃ |
原文 |
没有原文
|
出自 |
内蒙古师范大学学报(自然科学蒙古文版)
2014年
第4期
|