题名 |
《ᠵᠢᠷᠢᠮ ᠦᠨ ᠤᠷᠠᠨ ᠵᠤᠬᠢᠶᠠᠯ》 ᠰᠡᠳᠭᠦᠯ ᠦᠨ ᠬᠣᠷᠴᠢᠨ ᠤᠷᠠᠨ ᠵᠤᠬᠢᠶᠠᠯ ᠤᠨ ᠤᠯᠠᠮᠵᠢᠯᠠᠭ᠎ᠠ ᠳᠤ ᠦ᠋ᠵᠡᠭᠦᠯᠦᠭᠰᠡᠨ ᠦᠢᠯᠡᠳᠦᠯ |
作者 |
ᠴᠢᠩ ᠬᠤᠸᠠ |
关键词 |
《ᠵᠢᠷᠢᠮ ᠦᠨ ᠤᠷᠠᠨ ᠵᠤᠬᠢᠶᠠᠯ》; ᠬᠣᠷᠴᠢᠨ ᠤᠷᠠᠨ ᠵᠤᠬᠢᠶᠠᠯ; ᠤᠯᠠᠮᠵᠢᠯᠠᠭ᠎ᠠ |
摘要 |
ᠤᠷᠠᠨ ᠵᠤᠬᠢᠶᠠᠯ ᠤᠨ ᠰᠡᠳᠭᠦᠯ ᠪᠤᠯ ᠤᠷᠠᠨ ᠵᠤᠬᠢᠶᠠᠯ ᠤᠨ ᠠᠴᠢᠶᠠᠯᠠᠭᠴᠢ᠂ ᠤᠷᠠᠨ ᠵᠤᠬᠢᠶᠠᠯ ᠤᠨ ᠤᠯᠠᠮᠵᠢᠯᠠᠭ᠎ᠠ ᠶᠢᠨ ᠴᠢᠬᠤᠯᠠ ᠵᠠᠭᠤᠴᠢ ᠮᠦᠷᠲᠡᠭᠡᠨ ᠵᠤᠬᠢᠶᠠᠯᠴᠢ ᠬᠢᠭᠡᠳ ᠤᠩᠰᠢᠭᠴᠢ ᠶᠢ ᠬᠤᠯᠪᠤᠬᠤ ᠴᠢᠬᠤᠯᠠ ᠬᠦᠬᠦᠷᠭᠡ ᠶᠢᠨ ᠦᠢᠯᠡᠳᠦᠯ ᠲᠡᠢ ᠶᠤᠮ᠃ ᠣᠷᠤᠨ ᠤ ᠳᠤᠲᠤᠷᠠᠬᠢ ᠠᠢᠮᠠᠭ ᠬᠤᠲᠠ ᠶᠢᠨ ᠳᠡᠰ ᠦᠨ ᠶᠡᠷᠦᠩᠬᠡᠶᠢᠯᠡᠭᠰᠡᠨ ᠴᠢᠨᠠᠷᠲᠠᠢ ᠤᠷᠠᠨ ᠵᠤᠬᠢᠶᠠᠯ ᠤᠨ ᠰᠡᠳᠭᠦᠯ ᠪᠤᠯᠬᠤ 《ᠵᠢᠷᠢᠮ ᠦᠨ ᠤᠷᠠᠨ ᠵᠤᠬᠢᠶᠠᠯ》 ᠨᠢ ᠬᠡᠪᠯᠡᠯ ᠡᠬᠢᠯᠡᠭᠰᠡᠨ ᠡᠴᠡ ᠨᠠᠭᠠᠰᠢ ᠬᠣᠷᠴᠢᠨ ᠤᠷᠠᠨ ᠵᠤᠬᠢᠶᠠᠯ ᠤᠨ ᠭᠤᠤᠯ ᠳᠠᠮᠵᠢᠭᠤᠯᠤᠭᠴᠢ᠂ ᠬᠣᠷᠴᠢᠨ ᠵᠤᠬᠢᠶᠠᠯᠴᠢᠳ ᠤᠨ ᠡᠩᠨᠡᠭᠡ ᠶᠢ ᠦᠰᠭᠡᠨ ᠪᠤᠵᠠᠭᠠᠢᠷᠠᠭᠤᠯᠤᠭᠰᠠᠨ ᠲᠤᠯᠭᠠᠨ ᠦᠯᠦᠭᠡᠢ ᠪᠤᠯᠤᠭᠰᠠᠭᠠᠷ ᠢᠷᠡᠵᠡᠢ᠃ 《ᠵᠢᠷᠢᠮ ᠦᠨ ᠤᠷᠠᠨ ᠵᠤᠬᠢᠶᠠᠯ》 ᠰᠡᠳᠭᠦᠯ ᠨᠢ ᠬᠣᠷᠴᠢᠨ ᠨᠤᠲᠤᠭ ᠤᠨ ᠦᠪᠡᠷᠮᠢᠴᠡ ᠣᠨᠴᠠᠯᠢᠭ ᠪᠦᠬᠦᠢ ᠠᠮᠠᠨ ᠤᠷᠠᠯᠢᠭ ᠢ ᠳᠡᠯᠭᠡᠨ ᠦᠵᠡᠭᠦᠯᠬᠦ ᠶᠢᠨ ᠬᠠᠮᠲᠤ ᠬᠣᠷᠴᠢᠨ ᠤ ᠨᠤᠲᠤᠭ ᠤᠰᠤᠨ ᠤ ᠤᠷᠠᠨ ᠵᠤᠬᠢᠶᠠᠯ ᠤᠨ ᠬᠦᠭᠵᠢᠯᠲᠡ ᠶᠢ ᠠᠭᠢᠭᠤᠯᠤᠨ᠂ ᠬᠣᠷᠴᠢᠨ ᠵᠤᠬᠢᠶᠠᠯᠴᠢᠳ ᠢᠶᠠᠨ ᠤᠷᠠᠮᠰᠢᠭᠤᠯᠤᠨ ᠵᠤᠷᠢᠭᠵᠢᠭᠤᠯᠵᠤ᠂ ᠣᠨᠣᠯ ᠰᠢᠭᠦᠮᠵᠢ ᠶᠢᠨ ᠲᠠᠯ᠎ᠠ ᠪᠠᠷ ᠵᠢᠯᠤᠭᠤᠳᠤᠨ ᠳᠠᠭᠠᠭᠤᠯᠵᠤ ᠬᠣᠷᠴᠢᠨ ᠵᠤᠬᠢᠶᠠᠯᠴᠢᠳ ᠤᠨ ᠡᠩᠨᠡᠭᠡ ᠶᠢ ᠲᠠᠰᠤᠷᠠᠯ ᠦᠭᠡᠢ ᠪᠤᠵᠠᠭᠠᠢᠷᠠᠭᠤᠯᠵᠤ ᠢᠷᠡᠭᠰᠡᠨ ᠶᠤᠮ᠃ |
原文 |
查看原文
|
出自 |
中国蒙古学
2015年
第5期
|