题名 |
ᠮᠣᠩᠭᠤᠯᠴᠤᠳ ᠤᠨ ᠠᠳᠤᠭᠤᠨ ᠤ ᠰᠤᠶᠤᠯ ᠤᠨ ᠤᠯᠠᠮᠵᠢᠯᠠᠯ ᠪᠠ ᠴᠠᠢ᠌ᠢᠳᠠᠮ ᠤᠨ ᠬᠤᠲᠤᠭᠤᠷ ᠤᠨ ᠠᠳᠤᠭᠤᠨ ᠤ ᠰᠤᠶᠤᠯ ᠤᠨ ᠰᠢᠨᠡᠴᠢᠯᠡᠯ ᠦᠨ ᠠᠰᠠᠭᠤᠳᠠᠯ ᠳᠤ |
作者 |
ᠭᠦ᠂ ᠴᠠᠷᠠᠩᠪᠠᠯ |
关键词 |
ᠮᠣᠩᠭᠤᠯᠴᠤᠳ; ᠠᠳᠤᠭᠤᠨ ᠤ ᠰᠤᠶᠤᠯ ᠤᠨ ᠤᠯᠠᠮᠵᠢᠯᠠᠯ; ᠴᠠᠢ᠌ᠳᠠᠮ ᠤᠨ ᠬᠤᠲᠤᠭᠤᠷ; ᠰᠢᠨᠡᠴᠢᠯᠡᠯ ᠬᠦᠭ᠍ᠵᠢᠯ |
摘要 |
ᠠᠳᠤᠭᠤᠨ ᠤ ᠰᠤᠶᠤᠯ ᠪᠤᠯ ᠮᠣᠩᠭᠤᠯᠴᠤᠳ ᠤᠨ ᠤᠯᠠᠮᠵᠢᠯᠠᠯᠲᠤ ᠰᠤᠶᠤᠯ ᠤᠨ ᠴᠢᠬᠤᠯᠠ ᠪᠦᠷᠢᠯᠳᠦᠭᠦᠨ ᠬᠡᠰᠡᠭ ᠪᠤᠯᠤᠨ᠎ᠠ᠃ ᠮᠣᠩ᠋ᠭᠤᠯᠴᠤᠳ ᠤᠨ ᠪᠤᠭᠤᠷᠤᠯ ᠳᠡᠭᠡᠳᠦᠰ ᠠᠳᠤᠭᠤ ᠶᠢ ᠭᠠᠷᠰᠢᠭᠤᠯᠤᠨ ᠨᠤᠮᠤᠬᠠᠳᠬᠠᠭᠰᠠᠨ ᠠᠴᠠ ᠡᠬᠢᠯᠡᠨ ᠠᠳᠤᠭᠤ ᠶᠢ ᠲᠦᠷᠦ ᠵᠠᠰᠠᠭ ᠢᠶᠠᠨ ᠲᠦᠪᠬᠢᠨᠡᠭᠦᠯᠬᠦ᠂ ᠴᠡᠷᠢᠭ ᠳᠠᠢ᠌ᠨ ᠤ ᠭᠠᠢ᠌ᠬᠠᠮᠰᠢᠭᠲᠤ ᠦᠢᠯᠡ ᠶᠢ ᠠᠯᠳᠠᠷᠰᠢᠭᠤᠯᠤᠨ ᠮᠠᠨᠳᠤᠭᠤᠯᠬᠤ᠂ ᠠᠵᠤ ᠠᠮᠢᠳᠤᠷᠠᠯ ᠢᠶᠠᠨ ᠲᠠᠩᠰᠤᠭ ᠪᠠᠶᠠᠨ ᠪᠤᠯᠭᠠᠬᠤ᠂ ᠤᠶᠤᠨ ᠰᠠᠨᠠᠭᠠᠨ ᠤ ᠰᠢᠲᠦᠯᠭᠡ ᠰᠦᠯᠳᠡ ᠶᠢᠨ ᠪᠡᠯᠭᠡ ᠲᠡᠮᠳᠡᠭ ᠪᠤᠯᠭᠠᠬᠤ ᠵᠡᠷᠭᠡ ᠦᠯᠡᠵᠢ ᠪᠠᠶᠠᠯᠢᠭ ᠪᠤᠳᠠᠰ ᠤᠨ ᠪᠠ ᠪᠤᠳᠠᠰ ᠤᠨ ᠪᠤᠰᠤ ᠰᠤᠶᠤᠯ ᠤᠨ ᠦᠪ ᠬᠦᠷᠦᠩᠭᠡ ᠶᠢ ᠦᠷ᠎ᠡ ᠬᠤᠢ᠌ᠴᠢᠰ ᠮᠠᠨᠤᠰ ᠲᠤ ᠦᠯᠡᠳᠡᠭᠡᠵᠦ ᠦᠭᠴᠡᠢ᠃ ᠡᠨᠡ ᠬᠦ ᠦᠯᠡᠮᠵᠢ ᠪᠠᠶᠠᠯᠢᠭ ᠦᠪ ᠵᠤᠵᠠᠭᠠᠨ ᠰᠤᠶᠤᠯ ᠤᠨ ᠬᠦᠷᠦᠩᠭᠡ ᠪᠡᠨ ᠬᠡᠷᠬᠢᠨ ᠣᠳᠣᠬᠢ ᠴᠠᠭ ᠡᠷᠢᠨ ᠦ ᠨᠡᠢ᠌ᠭᠡᠮ ᠦᠨ ᠱᠠᠭᠠᠷᠳᠠᠯᠭ᠎ᠠ ᠳᠤ ᠵᠤᠬᠢᠴᠠᠭᠤᠯᠤᠨ ᠦᠪᠯᠡᠨ ᠵᠠᠯᠭᠠᠮᠵᠢᠯᠠᠵᠤ ᠤᠯᠠᠮᠵᠢᠯᠠᠨ ᠰᠢᠨᠡᠴᠢᠯᠡᠭᠡᠳ᠂ ᠣᠷᠤᠨ ᠨᠤᠲᠤᠭ ᠤᠨ ᠦᠪᠡᠷᠮᠢᠴᠡ ᠣᠨᠴᠠᠯᠢᠭ ᠪᠦᠬᠦᠢ ᠦᠨᠳᠦᠰᠦᠲᠡᠨ ᠦ ᠠᠵᠤ ᠠᠬᠤᠢ ᠪᠤᠯᠭᠠᠨ ᠬᠦᠭ᠍ᠵᠢᠭᠦᠯᠵᠦ᠂ ᠰᠢᠨ᠎ᠡ ᠮᠠᠶᠢᠭ ᠤᠨ ᠬᠦᠳᠡᠭᠡ ᠲᠤᠰᠬᠤᠨ ᠮᠠᠯᠵᠢᠬᠤ ᠣᠷᠤᠨ ᠢ ᠪᠠᠢ᠌ᠭᠤᠯᠵᠤ᠂ ᠮᠠᠯᠴᠢᠨ ᠠᠷᠠᠳ ᠤᠨ ᠪᠠᠶᠠᠯᠢᠭᠵᠢᠯ ᠴᠢᠨᠡᠭᠡᠯᠢᠭ᠍ᠵᠢᠯ ᠳᠦ ᠦᠢᠯᠡᠴᠢᠯᠡᠭᠦᠯᠦᠨ᠂ ᠬᠦᠮᠦᠨ ᠠᠷᠠᠳ ᠲᠠᠭᠠᠨ ᠠᠵᠠ ᠵᠢᠷᠭᠠᠯ ᠢ ᠠᠪᠴᠢᠷᠠᠬᠤ ᠪᠤᠢ ? ᠭᠡᠳᠡᠭ ᠪᠤᠯ ᠳᠡᠭᠡᠳᠦ ᠮᠣᠩ᠋ᠭᠤᠯ ᠤᠨ ᠦᠷ᠎ᠡ ᠬᠤᠢ᠌ᠴᠢᠰ ᠪᠤᠯᠤᠭᠰᠠᠨ ᠪᠢᠳᠡᠨ ᠪᠦᠬᠦᠨ ᠦ ᠡᠮᠦᠨ᠎ᠡ ᠲᠠᠯᠪᠢᠭᠳᠠᠵᠤ ᠪᠠᠢ᠌ᠭ᠎ᠠ ᠡᠭᠦᠷᠭᠡ ᠬᠠᠷᠢᠭᠤᠴᠠᠯᠭ᠎ᠠ ᠮᠦᠨ᠃ |
原文 |
查看原文
|
出自 |
中国蒙古学
2013年
第6期
|