论文信息


题名 ᠣᠷᠳᠤᠰ ᠬᠤᠲᠠ ᠶᠢᠨ ᠡᠵᠡᠨ᠎ᠡ ᠬᠤᠷᠤᠭ᠎ᠠ ᠬᠤᠰᠢᠭᠤᠨ ᠤ ᠡᠯᠡᠰᠦᠷᠬᠡᠭᠵᠢᠯ ᠦᠨ ᠬᠦᠳᠡᠯᠦᠩᠭᠢ ᠬᠤᠪᠢᠰᠤᠯᠲᠠ ᠬᠢᠭᠡᠳ ᠠᠭᠤᠷ ᠠᠮᠢᠰᠬᠤᠯ ᠤᠨ ᠡᠯᠧᠮᠧᠨ᠋ᠲ ᠤᠨ ᠬᠠᠷᠢᠴᠠᠭᠠᠨ ᠤ ᠵᠠᠳᠠᠯᠤᠯᠲᠠ
作者 ᠤᠶᠤᠩᠭᠤᠤ᠎ᠠ; ᠶᠢᠨᠱᠠᠨ
关键词 ᠣᠷᠳᠤᠰ ᠬᠤᠲᠠ ᠶᠢᠨ ᠡᠵᠡᠨ᠎ᠡ ᠬᠤᠷᠤᠭ᠎ᠠ ᠬᠤᠰᠢᠭᠤ; ᠡᠯᠡᠰᠦᠷᠬᠡᠭᠵᠢᠯ ᠦᠨ ᠣᠳᠣᠬᠢ ᠪᠠᠢᠳᠠᠯ ᠬᠢᠭᠡᠳ ᠬᠦᠳᠡᠯᠦᠩᠭᠢ ᠬᠤᠪᠢᠰᠤᠯᠲᠠ; ᠠᠭᠤᠷ ᠠᠮᠢᠰᠬᠤᠯ ᠤᠨ ᠡᠯᠧᠮᠧᠨ᠋ᠲ ᠤᠨ ᠨᠦᠯᠦᠭᠡ
摘要 ᠦᠪᠦᠷ ᠮᠣᠩᠭᠤᠯ ᠤᠨ ᠣᠷᠳᠤᠰ ᠬᠤᠲᠠ ᠶᠢᠨ ᠡᠵᠡᠨ᠎ᠡ ᠬᠤᠷᠤᠭ᠎ᠠ ᠬᠤᠰᠢᠭᠤ ᠪᠠᠷ ᠰᠤᠳᠤᠯᠤᠭᠳᠠᠬᠤᠨ ᠪᠤᠯᠭᠠᠵᠤ᠂ ᠲᠤᠰ ᠬᠤᠰᠢᠭᠤᠨ ᠤ 2000 ᠣᠨ᠂ 2005 ᠣᠨ ᠬᠢᠭᠡᠳ 2009 ᠣᠨ ᠤ Landsat TM ᠠᠯᠤᠰ ᠰᠡᠷᠡᠯ ᠦᠨ ᠵᠢᠷᠤᠭ ᠳᠦᠷᠰᠦ ᠶᠢᠨ ᠰᠠᠭᠤᠷᠢᠨ ᠳᠡᠭᠡᠷ᠎ᠡ ᠭᠠᠷᠭᠠᠨ ᠠᠪᠤᠭᠰᠠᠨ ᠭᠠᠵᠠᠷ ᠰᠢᠷᠦᠢ ᠶᠢᠨ ᠡᠯᠡᠰᠦᠷᠬᠡᠭᠵᠢᠯ ᠦᠨ ᠣᠳᠣᠬᠢ ᠪᠠᠢᠳᠠᠯ ᠤᠨ ᠬᠠᠨᠳᠤᠭᠴᠢ ᠲᠤᠭ᠎ᠠ ᠪᠠᠷᠢᠮᠲᠠ᠂ ᠬᠦᠳᠡᠯᠦᠩᠭᠢ ᠬᠤᠪᠢᠷᠠᠯᠲᠠ ᠶᠢᠨ ᠬᠠᠨᠳᠤᠭᠴᠢ ᠲᠤᠭ᠎ᠠ ᠪᠠᠷᠢᠮᠲᠠ ᠵᠡᠷᠭᠡ ᠪᠡᠷ ᠡᠯ᠎ᠡ ᠲᠦᠷᠦᠯ ᠦᠨ ᠭᠠᠵᠠᠷ ᠰᠢᠷᠦᠢ ᠶᠢᠨ ᠲᠠᠯᠠᠪᠠᠢ ᠶᠢᠨ ᠲᠤᠭ᠎ᠠ ᠪᠠᠷᠢᠮᠲᠠ ᠶᠢᠨ ᠢᠷᠡᠯᠲᠡ ᠪᠤᠯᠭᠠᠭᠰᠠᠨ ᠪᠠᠢᠨ᠎ᠠ᠃ ᠲᠤᠰ ᠬᠤᠰᠢᠭᠤᠨ ᠤ ᠡᠯ᠎ᠡ ᠠᠭᠠᠷ ᠰᠢᠨᠵᠢᠯᠡᠭᠡᠨ ᠦ ᠦᠷᠲᠡᠭᠡᠨ ᠦ 1980 ᠣᠨ ᠠᠴᠠ 2005 ᠣᠨ ᠬᠦᠷᠲᠡᠯᠡᠬᠢ ᠴᠠᠭ ᠠᠭᠤᠷ ᠤᠨ ᠲᠤᠭ᠎ᠠ ᠪᠠᠷᠢᠮᠲᠠ ᠪᠠᠷ ᠲᠤᠰ ᠦᠭᠦᠯᠡᠯ ᠦᠨ ᠴᠠᠭ ᠠᠭᠤᠷ ᠤᠨ ᠲᠤᠭ᠎ᠠ ᠪᠠᠷᠢᠮᠲᠠ ᠶᠢᠨ ᠢᠷᠡᠯᠲᠡ ᠪᠤᠯᠭᠠᠭᠰᠠᠨ ᠪᠠᠢᠨ᠎ᠠ᠃ ᠡᠭᠦᠨ ᠳᠦ᠂ ᠲᠤᠨᠤᠳᠠᠰᠤᠨ ᠤ ᠬᠡᠮᠵᠢᠶ᠎ᠡ᠂ ᠳᠤᠯᠠᠭᠠᠨ ᠤ ᠬᠡᠮᠵᠢᠶ᠎ᠡ᠂ ᠠᠭᠤᠷᠰᠢᠯᠲᠠ ᠶᠢᠨ ᠬᠡᠮᠵᠢᠶ᠎ᠡ᠂ ᠶᠡᠬᠡ ᠰᠠᠯᠬᠢᠯᠠᠬᠤ ᠡᠳᠦᠷ ᠦᠨ ᠲᠤᠭ᠎ᠠ ᠵᠡᠷᠭᠡ ᠴᠠᠭ ᠠᠭᠤᠷ ᠤᠨ ᠡᠯᠧᠮᠧᠨ᠋ᠲ ᠢ ᠰᠤᠩᠭᠤᠨ ᠠᠪᠴᠤ᠂ ᠡᠳᠡᠭᠡᠷ ᠡᠯᠧᠮᠧᠨ᠋ᠲ ᠲᠤ ᠨᠠᠷᠢᠯᠢᠭ ᠵᠠᠳᠠᠯᠤᠯᠲᠠ ᠬᠢᠵᠦ᠂ ᠲᠤᠰ ᠬᠤᠰᠢᠭᠤᠨ ᠤ ᠠᠭᠤᠷ ᠠᠮᠢᠰᠬᠤᠯ ᠤᠨ ᠣᠷᠤᠨ ᠵᠠᠢ ᠶᠢᠨ ᠬᠤᠪᠢᠷᠠᠯᠲᠠ ᠶᠢᠨ ᠵᠢᠷᠤᠭ᠂ ᠳᠦᠷᠪᠡᠨ ᠤᠯᠠᠷᠢᠯ ᠤᠨ ᠬᠤᠪᠢᠷᠠᠯᠲᠠ ᠶᠢᠨ ᠵᠢᠷᠤᠭ ᠵᠡᠷᠭᠡ ᠶᠢ ᠣᠯᠵᠤ᠂ ᠡᠭᠦᠨ ᠢᠶᠡᠷ ᠳᠠᠮᠵᠢᠨ ᠠᠭᠤᠷ ᠠᠮᠢᠰᠬᠤᠯ ᠤᠨ ᠡᠯᠡᠰᠦᠷᠬᠡᠭᠵᠢᠯ ᠳᠦ ᠦᠵᠡᠭᠦᠯᠦᠭᠰᠡᠨ ᠨᠦᠯᠦᠭᠡ ᠶᠢ ᠣᠯᠵᠤ ᠮᠡᠳᠡᠭᠰᠡᠨ ᠪᠠᠢᠨ᠎ᠠ᠃
原文 没有原文
出自 内蒙古师范大学学报(自然科学蒙古文版) 2014年 第1期

联系我们


内蒙古大学图书馆
呼和浩特市大学西路235号
中国·内蒙古
P: (0471) 4992561
E: huangfeilong@imu.edu.cn