题名 |
ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠠᠮᠢᠳᠤ ᠪᠤᠳᠠᠰ ᠤᠨ ᠬᠢᠴᠢᠶᠡᠯ ᠢ ᠰᠤᠷᠤᠯᠴᠠᠬᠤ ᠰᠡᠳᠬᠢᠴᠡ ᠶᠢ ᠨᠦᠯᠦᠭᠡᠯᠡᠬᠦ ᠡᠯᠧᠮᠧᠨ᠋ᠲ ᠢ ᠳᠦᠭᠦᠮ ᠦᠭᠦᠯᠡᠬᠦ ᠨᠢ |
作者 |
ᠬᠠᠰᠴᠢᠮᠡᠭ᠌ |
关键词 |
ᠳᠤᠮᠳᠠᠳᠤ ᠰᠤᠷᠭᠠᠭᠤᠯᠢ ᠶᠢᠨ ᠰᠤᠷᠤᠭᠴᠢ; ᠠᠮᠢᠳᠤ ᠪᠤᠳᠠᠰ ᠤᠨ ᠬᠢᠴᠢᠶᠡᠯ; ᠰᠡᠳᠬᠢᠴᠡ ᠶᠢ ᠨᠦᠯᠦᠭᠡᠯᠡᠬᠦ ᠡᠯᠧᠮᠧᠨ᠋ᠲ |
摘要 |
ᠳᠤᠮᠳᠠᠳᠤ ᠰᠤᠷᠭᠠᠭᠤᠯᠢ ᠶᠢᠨ ᠰᠤᠷᠤᠯᠴᠠᠯᠭ᠎ᠠ ᠪᠤᠯ ᠰᠤᠷᠤᠭᠴᠢ ᠶᠢᠨ ᠰᠡᠳᠬᠢᠴᠡ ᠶᠢᠨ ᠦᠪᠡᠷᠮᠢᠴᠡ ᠴᠢᠨᠠᠷ ᠲᠦᠷᠭᠡᠨ ᠪᠦᠷᠢᠯᠳᠦᠨ ᠪᠤᠯᠪᠠᠰᠤᠷᠠᠬᠤ ᠵᠠᠩᠭᠢᠯᠠᠭ᠎ᠠ ᠶᠢᠨ ᠬᠤᠭᠤᠴᠠᠭ᠎ᠠ ᠪᠤᠯᠬᠤ ᠪᠦᠭᠡᠳ ᠰᠤᠷᠤᠯᠴᠠᠬᠤ ᠰᠡᠳᠬᠢᠴᠡ ᠨᠢ ᠴᠦ ᠤᠯᠠᠮ ᠠᠷᠪᠢᠨ ᠡᠯᠧᠮᠧᠨ᠋ᠲ ᠲᠤ ᠨᠦᠯᠦᠭᠡᠯᠡᠭᠳᠡᠬᠦ ᠪᠤᠯᠤᠨ᠎ᠠ᠃ ᠲᠤᠰ ᠦᠭᠦᠯᠡᠯ ᠳᠦ ᠰᠤᠷᠭᠠᠨ ᠬᠦᠮᠦᠵᠢᠯ ᠦᠨ ᠲᠤᠰᠬᠠᠢ ᠮᠡᠷᠭᠡᠵᠢᠯ ᠦᠨ ᠪᠡ ᠠᠮᠢᠳᠤ ᠪᠤᠳᠠᠰ ᠤᠨ ᠲᠤᠰᠬᠠᠢ ᠮᠡᠷᠭᠡᠵᠢᠯ ᠦᠨ ᠲᠠᠯ᠎ᠠ ᠪᠠᠷ ᠬᠢ ᠣᠨᠣᠯ ᠤᠨ ᠮᠡᠳᠡᠯᠭᠡ ᠶᠢ ᠰᠤᠷᠭᠠᠨ ᠬᠦᠮᠦᠵᠢᠯ ᠦᠨ ᠲᠠᠳᠤᠯᠭ᠎ᠠ ᠳᠠᠬᠢ ᠪᠤᠳᠠᠳᠤ ᠦᠢᠯᠡᠳᠦᠯᠭᠡ ᠲᠡᠢ ᠤᠶᠠᠯᠳᠤᠭᠤᠯᠤᠭᠰᠠᠨ ᠰᠠᠭᠤᠷᠢᠨ ᠳᠡᠭᠡᠷ᠎ᠡ᠂ ᠲᠤᠬᠠᠢ ᠶᠢᠨ ᠭᠠᠵᠠᠷ ᠣᠷᠤᠨ ᠤ ᠰᠤᠷᠤᠭᠴᠢ ᠶᠢᠨ ᠪᠠᠢᠳᠠᠯ ᠳᠤ ᠴᠢᠭᠯᠡᠭᠦᠯᠦᠭᠰᠡᠨ ᠪᠠᠢᠴᠠᠭᠠᠯᠲᠠ ᠶᠢᠨ ᠬᠠᠭᠤᠳᠠᠰᠤ ᠶᠢ ᠲᠦᠰᠦᠪᠯᠡᠵᠦ᠂ ᠵᠤᠷᠢᠯᠭ᠎ᠠ ᠲᠠᠢ ᠪᠠᠢᠴᠠᠭᠠᠬᠤ ᠠᠷᠭ᠎ᠠ ᠪᠠᠷ ᠳᠠᠮᠵᠢᠨ ᠪᠠᠭᠰᠢ ᠬᠢᠭᠡᠳ ᠬᠠᠮᠲᠤ ᠨᠦᠬᠦᠳ᠂ ᠭᠡᠷ ᠦᠨ ᠠᠬᠠᠮᠠᠳ ᠬᠢᠭᠡᠳ ᠣᠷᠴᠢᠨ ᠲᠤᠭᠤᠷᠢᠨ ᠤ ᠲᠠᠯ᠎ᠠ ᠠᠴᠠ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠠᠮᠢᠳᠤ ᠪᠤᠳᠠᠰ ᠤᠨ ᠬᠢᠴᠢᠶᠡᠯ ᠢ ᠰᠤᠷᠤᠯᠴᠠᠬᠤ ᠰᠡᠳᠬᠢᠴᠡ ᠶᠢ ᠬᠡᠷᠬᠢᠨ ᠨᠦᠯᠦᠭᠡᠯᠡᠵᠦ ᠪᠠᠢᠭ᠎ᠠ ᠰᠢᠯᠲᠠᠭᠠᠨ ᠢ ᠪᠠᠢᠴᠠᠭᠠᠨ ᠰᠤᠳᠤᠯᠵᠠᠢ᠃ |
原文 |
没有原文
|
出自 |
内蒙古师范大学学报(自然科学蒙古文版)
2009年
第3期
|