题名 |
ZigBee ᠮᠡᠷᠭᠡᠵᠢᠯ ᠢᠶᠡᠷ ᠰᠠᠭᠤᠷᠢᠯᠠᠭᠰᠠᠨ ᠡᠪᠡᠳᠴᠢᠲᠡᠨ ᠦ ᠠᠮᠢ ᠨᠠᠰᠤᠨ ᠤ ᠪᠡᠯᠭᠡ ᠲᠡᠮᠳᠡᠭ ᠢ ᠪᠠᠢᠴᠠᠭᠠᠬᠤ ᠰᠢᠰᠲ᠋ᠧᠮ ᠦᠨ ᠲᠦᠰᠦᠪᠯᠡᠯ |
作者 |
ᠰᠦᠬᠡ; ᠱᠧᠨ ᠢᠦᠢ ᠬᠤᠩ |
关键词 |
ᠠᠮᠢ ᠨᠠᠰᠤᠨ ᠤ ᠪᠡᠯᠭᠡ ᠲᠡᠮᠳᠡᠭ; ZigBee ᠮᠡᠷᠭᠡᠵᠢᠯ; ᠲᠤᠤᠷ ᠰᠦᠯᠵᠢᠶ᠎ᠡ |
摘要 |
ᠡᠯᠧᠺᠲ᠋ᠷᠤᠨ ᠴᠢᠰᠦᠨ ᠳᠠᠷᠤᠯᠲᠠ ᠶᠢᠨ ᠬᠡᠮᠵᠢᠭᠦᠷ ᠪᠡ ᠡᠯᠧᠺᠲ᠋ᠷᠤᠨ ᠪᠡᠶ᠎ᠡ ᠶᠢᠨ ᠳᠤᠯᠠᠭᠠᠨ ᠤ ᠬᠡᠮᠵᠢᠭᠦᠷ ᠢᠶᠡᠷ ᠡᠮᠦᠨ᠎ᠡ ᠦᠵᠦᠭᠦᠷ ᠦᠨ ᠬᠡᠮᠵᠢᠯᠲᠡ ᠶᠢᠨ ᠲᠦᠭᠦᠭᠡᠷᠦᠮᠵᠢ ᠪᠤᠯᠭᠠᠵᠤ᠂ CC2530 ᠤᠭᠰᠠᠷᠮᠠᠯ ᠬᠡᠷᠡᠭᠰᠡᠯ ᠢᠶᠡᠷ ᠰᠦᠯᠵᠢᠶᠡᠨ ᠦ ᠵᠤᠬᠢᠴᠠᠭᠤᠯᠤᠮᠵᠢ ᠪᠠ ᠵᠠᠮᠨᠠᠭᠤᠷ ᠪᠤᠯᠭᠠᠵᠤ ZigBee ᠰᠦᠯᠵᠢᠶᠡᠨ ᠲᠤᠤᠷ ᠢ ᠪᠠᠢᠭᠤᠯᠵᠠᠢ᠃ ᠲᠤᠰ ᠰᠦᠯᠵᠢᠶᠡᠨ ᠲᠤᠤᠷ ᠪᠤᠯ ᠨᠢᠭᠡᠨ ᠡᠮᠦᠨ᠎ᠡ ᠦᠵᠦᠭᠦᠷ ᠦᠨ ᠬᠡᠮᠵᠢᠯᠲᠡ ᠶᠢᠨ ᠲᠦᠭᠦᠭᠡᠷᠦᠮᠵᠢ ᠶᠢᠨ ᠬᠡᠮᠵᠢᠨ ᠣᠯᠣᠭᠰᠠᠨ ᠠᠮᠢ ᠨᠠᠰᠤᠨ ᠤ ᠪᠡᠯᠭᠡ ᠲᠡᠮᠳᠡᠭ ᠦᠨ ᠪᠠᠷᠢᠮᠲᠠ ᠶᠢ ᠲᠤᠬᠠᠢ ᠶᠢᠨ ᠴᠠᠭ ᠲᠤᠨᠢ ᠬᠠᠮᠢᠶ᠎ᠠ ᠪᠦᠬᠦᠢ ᠡᠮᠨᠡᠯᠭᠡ ᠶᠢᠨ ᠬᠤᠷᠢᠶ᠎ᠠ ᠪᠤᠶᠤ ᠬᠤᠲᠠ ᠶᠢᠨ ᠲᠤᠭᠤᠷᠢᠭ ᠤᠨ ᠡᠮᠨᠡᠯᠭᠡ ᠶᠢᠨ ᠭᠠᠵᠠᠷ ᠲᠤ ᠬᠦᠷᠭᠡᠵᠦ᠂ ᠡᠪᠡᠳᠴᠢᠲᠡᠨ ᠦ ᠡᠷᠡᠭᠦᠯ ᠴᠢᠭᠢᠷᠠᠭ ᠤᠨ ᠲᠤᠬᠠᠢ ᠦᠨᠡᠯᠡᠯᠲᠡ᠂ ᠵᠠᠳᠠᠯᠤᠯᠲᠠ ᠪᠠ ᠣᠨᠣᠰᠢᠯᠠᠯᠲᠠ ᠬᠢᠬᠦ ᠳᠦ ᠡᠰᠢ ᠪᠠᠷᠢᠮᠲᠠ ᠶᠢ ᠣᠯᠭᠤᠬᠤ ᠠᠯᠤᠰ ᠡᠵᠡᠮᠳᠡᠭᠦᠷ ᠰᠢᠰᠲ᠋ᠧᠮ ᠮᠦᠨ᠃ ᠲᠤᠰ ᠰᠢᠰᠲ᠋ᠧᠮ ᠨᠢ ᠬᠦᠳᠡᠭᠡ ᠲᠤᠰᠬᠤᠨ ᠪᠤᠶᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠷᠡᠭᠦᠯ ᠴᠢᠭᠢᠷᠠᠭ ᠤᠨ ᠳᠠᠩᠰᠠ ᠡᠪᠬᠡᠮᠡᠯ ᠢ ᠪᠠᠢᠭᠤᠯᠬᠤ᠂ ᠨᠡᠢᠭᠡᠮ ᠲᠤᠭᠤᠷᠢᠭ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ᠂ ᠤᠳᠠᠭᠠᠨ ᠴᠢᠨᠠᠷᠲᠠᠢ ᠡᠪᠡᠳᠴᠢᠨ ᠢ ᠰᠤᠳᠤᠯᠤᠨ ᠵᠠᠰᠠᠬᠤ ᠪᠤᠶᠤ ᠭᠡᠨᠡᠳᠲᠡ ᠶᠢᠨ ᠴᠢᠠᠨᠷᠲᠠᠢ ᠨᠡᠢᠭᠡᠮ ᠨᠡᠢᠲᠡ ᠶᠢᠨ ᠬᠡᠷᠡᠭ ᠶᠠᠪᠤᠳᠠᠯ ᠢ ᠪᠠᠴᠢᠮ ᠠᠪᠤᠷᠠᠬᠤ ᠵᠡᠷᠭᠡ ᠲᠠᠯ᠎ᠠ ᠪᠠᠷ ᠵᠤᠬᠢᠬᠤ ᠦᠢᠯᠡᠳᠦᠯ ᠢ ᠦᠵᠡᠭᠦᠯᠵᠦ ᠴᠢᠳᠠᠨ᠎ᠠ᠃ |
原文 |
没有原文
|
出自 |
内蒙古师范大学学报(自然科学蒙古文版)
2015年
第1期
|