题名 |
ᠡᠷᠳᠡᠨ ᠤ ᠮᠤᠩᠭ᠋ᠤᠯᠴᠤᠳ ᠤᠨ ᠵᠠᠩᠰᠢᠯ ᠤᠨ ᠬᠠᠤᠯᠢ ᠶᠢᠨ ᠦᠨᠳᠦᠰᠦ ᠰᠤᠷᠪᠤᠯᠵᠢ ᠪᠠ ᠪᠦᠷᠢᠯᠳᠦᠯ ᠬᠦᠭ᠍ᠵᠢᠯ ᠤᠨ ᠲᠤᠬᠠᠢ ᠦᠭᠦᠯᠡᠬᠦ ᠨᠢ |
作者 |
ᠪᠦᠬᠡ |
关键词 |
ᠡᠷᠳᠡᠨ ᠤ ᠮᠤᠩᠭ᠋ᠤᠯᠴᠤᠳ; ᠶᠤᠰᠤᠨ ᠤ ᠴᠠᠭ ᠦᠶ᠎ᠡ; ᠵᠠᠩᠰᠢᠯ ᠤᠨ ᠬᠠᠤᠯᠢ |
摘要 |
ᠡᠷᠳᠡᠨ ᠤ ᠮᠤᠩᠭ᠋ᠤᠯᠴᠤᠳ ᠤᠨ ᠵᠠᠩᠰᠢᠯ ᠤᠨ ᠬᠠᠤᠯᠢ ᠨᠢ ᠲᠤᠬᠠᠢ ᠶᠢᠨ ᠦᠶ᠎ᠡ ᠶᠢᠨ ᠬᠦᠮᠦᠰ ᠤᠨ ᠰᠢᠳᠦᠯᠭᠡ ᠲᠠᠢ ᠨᠢᠭ᠌ᠳᠠ ᠬᠤᠯᠪᠤᠭᠳᠠᠨ᠂ ᠪᠢᠴᠢᠭ᠍ᠳᠡᠮᠡᠯ ᠪᠤᠰᠤ ᠬᠠᠤᠯᠢ ᠶᠢᠨ ᠬᠡᠯᠪᠡᠷᠢ ᠪᠡᠷ ᠦᠶ᠎ᠡ ᠦᠶ᠎ᠡ ᠠᠮᠠ ᠪᠡᠷ ᠲᠠᠮᠵᠢᠨ ᠤᠯᠠᠮᠵᠢᠯᠠᠭᠳᠠᠵᠤ᠂ ᠵᠠᠩ ᠦᠢᠯᠡ ᠳᠤ ᠲᠤᠯᠭᠠᠭᠤᠷᠢᠯᠠᠨ ᠬᠡᠷᠡᠭᠵᠢᠭᠦᠯᠡᠭᠳᠡᠵᠦ ᠢᠷᠡᠭᠰᠡᠨ ᠶᠤᠮ᠃ ᠲᠡᠭᠦᠨ ᠢ ᠰᠤᠳᠤᠯᠬᠤ ᠨᠢ ᠡᠷᠳᠡᠨ ᠤ ᠮᠤᠩᠭ᠋ᠤᠯᠴᠤᠳ ᠤᠨ ᠨᠡᠢ᠌ᠭᠡᠮ ᠤᠨ ᠪᠠᠢ᠌ᠭᠤᠯᠤᠯ ᠤᠨ ᠰᠢᠨᠵᠢ ᠴᠢᠨᠠᠷ ᠢ ᠨᠡᠩ ᠭᠦᠨᠵᠡᠭᠡᠢ ᠤᠢ᠌ᠯᠠᠭᠠᠨ᠂ ᠮᠤᠩᠭ᠋ᠤᠯᠴᠤᠳ ᠤᠨ ᠬᠠᠤᠯᠢ ᠶᠢᠨ ᠦᠵᠡᠯ ᠰᠠᠨᠠᠭᠠᠨ ᠤ ᠲᠤᠬᠠᠢ ᠲᠠᠨᠢᠯᠳᠠ ᠪᠠᠨ ᠤᠯᠠᠮ ᠨᠢᠭᠡ ᠠᠯᠬᠤᠮ ᠭᠦᠨᠵᠡᠭᠡᠢ᠌ᠷᠡᠭᠦᠯᠦᠨ᠂ ᠦᠨᠳᠦᠰᠦᠳᠡᠨ ᠤ ᠤᠷᠤᠨ ᠤ ᠬᠠᠤᠯᠢ ᠶᠢᠨ ᠪᠦᠳᠦᠭᠡᠨ ᠪᠠᠢ᠌ᠭᠤᠯᠤᠯᠳᠠ ᠶᠢ ᠠᠬᠢᠭᠤᠯᠬᠤ ᠵᠡᠷᠭᠡ ᠲᠠᠯ᠎ᠠ ᠪᠡᠷ ᠠᠰᠤᠷᠤ ᠶᠡᠬᠡ ᠠᠴᠢ ᠬᠤᠯᠪᠤᠭᠳᠠᠯ ᠲᠠᠢ ᠶᠤᠮ᠃ ᠦᠭᠦᠯᠡᠯ ᠳᠤ᠂ ᠭᠤᠤᠯᠳᠠᠭᠤ ᠡᠷᠳᠡᠨ ᠤ ᠮᠤᠩᠭ᠋ᠤᠯᠴᠤᠳ ᠤᠨ ᠵᠠᠩᠰᠢᠯ ᠤᠨ ᠬᠠᠤᠯᠢ ᠶᠢᠨ ᠦᠨᠳᠦᠰᠦ ᠰᠤᠷᠪᠤᠯᠵᠢ ᠪᠤᠯᠤᠨ ᠪᠦᠷᠢᠯᠳᠦᠯ ᠬᠦᠭ᠍ᠵᠢᠯ ᠤᠨ ᠲᠤᠬᠠᠢ ᠲᠦᠭᠦᠮ ᠦᠭᠦᠯᠡᠬᠦ ᠪᠤᠯᠤᠨ᠎ᠠ᠃ |
原文 |
查看原文
|
出自 |
中国蒙古学
2015年
第6期
|