题名 |
ᠮᠣᠩᠭᠤᠯ ᠬᠡᠯᠡᠨ ᠦ ᠠᠪᠢᠶ᠎ᠠ ᠬᠢᠭᠡᠳ ᠬᠡᠯᠡᠨ ᠦ ᠮᠠᠲ᠋ᠧᠷᠢᠶᠠᠯ ᠤᠨ ᠬᠦᠮᠦᠷᠭᠡ ᠶᠢᠨ ᠪᠦᠲᠦᠬᠡᠨ ᠪᠠᠢᠭᠤᠯᠤᠯᠲᠠ |
作者 |
ᠰᠠᠷᠠᠨ᠎ᠠ; ᠭᠠᠷᠤᠳᠢ |
关键词 |
ᠮᠣᠩᠭᠤᠯ ᠬᠡᠯᠡ; ᠠᠪᠢᠶ᠎ᠠ ᠬᠡᠯᠡᠨ ᠦ ᠬᠦᠮᠦᠷᠭᠡ; ᠬᠡᠯᠡᠨ ᠦ ᠮᠠᠲ᠋ᠧᠷᠢᠶᠠᠯ ᠤᠨ ᠬᠦᠮᠦᠷᠭᠡ; ᠰᠢᠩᠭᠡᠭᠡᠯᠲᠡ ᠵᠢᠴᠢ ᠬᠡᠯᠡᠨ ᠦ ᠮᠠᠲ᠋ᠧᠷᠢᠶᠠᠯ ᠰᠢᠢᠳᠪᠦᠷᠢᠯᠡᠬᠦ ᠵᠦᠭᠡᠯᠡᠨ ᠲᠤᠨᠤᠭ |
摘要 |
ᠠᠪᠢᠶ᠎ᠠ ᠬᠡᠯᠡᠨ ᠦ ᠮᠠᠲ᠋ᠧᠷᠢᠶᠠᠯ ᠪᠤᠯ ᠬᠦᠮᠦᠨ ᠲᠦᠷᠦᠯᠬᠢᠲᠡᠨ ᠦ ᠬᠡᠯᠡᠨ ᠦ ᠴᠢᠬᠤᠯᠠ ᠡᠬᠢ ᠪᠠᠶᠠᠯᠢᠭ ᠤᠨ ᠨᠢᠭᠡ ᠨᠢ ᠮᠦᠨ᠃ ᠣᠳᠤᠬᠠᠨ ᠳᠤ ᠳᠡᠯᠡᠬᠡᠢ ᠶᠢᠨ ᠣᠯᠠᠩᠭᠢ ᠤᠯᠤᠰ ᠨᠢᠭᠡᠨᠲᠡ ᠠᠪᠢᠶ᠎ᠠ ᠬᠡᠯᠡᠨ ᠦ ᠮᠠᠲ᠋ᠧᠷᠢᠶᠠᠯ ᠤᠨ ᠬᠦᠮᠦᠷᠭᠡ ᠶᠢ ᠪᠠᠢᠭᠤᠯᠤᠭᠰᠠᠨ ᠮᠦᠷᠲᠡᠭᠡᠨ ᠬᠠᠮᠤᠭ ᠰᠢᠨ᠎ᠡ ᠮᠡᠷᠭᠡᠵᠢᠯ ᠢ ᠠᠰᠢᠭᠯᠠᠨ ᠬᠠᠮᠢᠶ᠎ᠠ ᠪᠦᠬᠦᠢ ᠰᠤᠳᠤᠯᠭᠠᠨ ᠬᠢᠵᠦ᠂ ᠨᠡᠯᠢᠶᠡᠳ ᠰᠠᠢᠨ ᠦᠷ᠎ᠡ ᠪᠦᠲᠦᠭᠡᠯ ᠢ ᠣᠯᠣᠭᠰᠠᠨ ᠪᠠᠢᠨ᠎ᠠ᠃ ᠮᠠᠨ ᠤ ᠤᠯᠤᠰ ᠤᠨ ᠵᠠᠰᠠᠭ ᠤᠨ ᠣᠷᠳᠤᠨ ᠠᠴᠠ ᠴᠦᠬᠡᠨ ᠲᠤᠭᠠᠲᠤ ᠦᠨᠳᠦᠰᠦᠲᠡᠨ ᠦ ᠦᠭᠡ ᠬᠡᠯᠡ ᠦᠰᠦᠭ ᠪᠢᠴᠢᠭ ᠦᠨ ᠡᠬᠢ ᠪᠠᠶᠠᠯᠢᠭ ᠤᠨ ᠪᠦᠲᠦᠬᠡᠨ ᠪᠠᠢᠭᠤᠯᠤᠯᠲᠠ ᠶᠢ ᠲᠤᠩ ᠴᠢᠬᠤᠯᠠᠴᠢᠯᠠᠨ᠂ ᠤᠯᠤᠰ ᠤᠨ ᠳᠡᠭᠡᠳᠦ ᠳᠡᠰ ᠦᠨ ᠰᠤᠳᠤᠯᠭᠠᠨ ᠤ ᠬᠦᠭᠵᠢᠯᠲᠡ ᠶᠢᠨ ᠲᠦᠰᠦᠪ (〈863〉 ᠲᠦᠰᠦᠪ) ᠦᠨ 《ᠣᠯᠠᠨ ᠬᠡᠯᠡᠨ ᠦ ᠰᠠᠭᠤᠷᠢ ᠡᠬᠢ ᠪᠠᠶᠠᠯᠢᠭ ᠤᠨ ᠬᠦᠮᠦᠷᠭᠡ ᠶᠢᠨ ᠰᠤᠳᠤᠯᠤᠯ ᠵᠢᠴᠢ ᠬᠠᠮᠲᠤᠪᠠᠷ ᠡᠳ᠋ᠯᠡᠬᠦ》 ᠭᠡᠳᠡᠭ ᠰᠤᠳᠤᠯᠭᠠᠨ ᠤ ᠰᠡᠳᠦᠪ ᠲᠦ ᠮᠣᠩᠭᠤᠯ᠂ ᠲᠦᠪᠡᠳ᠂ ᠣᠢᠭᠤᠷ ᠬᠡᠯᠡᠨ ᠦ ᠠᠪᠢᠶ᠎ᠠ ᠬᠢᠭᠡᠳ ᠬᠡᠯᠡᠨ ᠦ ᠮᠠᠲ᠋ᠧᠷᠢᠶᠠᠯ ᠤᠨ ᠬᠦᠮᠦᠷᠭᠡ ᠶᠢ ᠪᠦᠲᠦᠬᠡᠨ ᠪᠠᠢᠭᠤᠯᠬᠤ ᠠᠭᠤᠯᠭ᠎ᠠ ᠶᠢ ᠪᠠᠭᠲᠠᠭᠠᠪᠠ᠃ ᠪᠢᠳᠡ ᠲᠤᠰ ᠲᠦᠰᠦᠪ ᠢ ᠦᠨᠳᠦᠰᠦᠯᠡᠨ ᠬᠠᠮᠢᠶ᠎ᠠ ᠪᠦᠬᠦᠢ ᠮᠣᠩᠭᠤᠯ ᠬᠡᠯᠡᠨ ᠦ ᠠᠪᠢᠶ᠎ᠠ ᠬᠢᠭᠡᠳ ᠬᠡᠯᠡᠨ ᠦ ᠮᠠᠲ᠋ᠧᠷᠢᠶᠠᠯ ᠤᠨ ᠬᠦᠮᠦᠷᠭᠡ ᠶᠢ ᠪᠠᠢᠭᠤᠯᠤᠭᠰᠠᠨ ᠶᠤᠮ᠃ ᠲᠤᠰ ᠦᠭᠦᠯᠡᠯ ᠳᠦ ᠭᠤᠤᠯᠳᠠᠭᠤ ᠮᠣᠩᠭᠤᠯ ᠬᠡᠯᠡᠨ ᠦ ᠠᠪᠢᠶ᠎ᠠ ᠬᠢᠭᠡᠳ ᠬᠡᠯᠡᠨ ᠦ ᠮᠠᠲ᠋ᠧᠷᠢᠶᠠᠯ ᠤᠨ ᠬᠦᠮᠦᠷᠭᠡ ᠶᠢ ᠪᠠᠢᠭᠤᠯᠬᠤ ᠶᠠᠪᠤᠴᠠ ᠳᠠᠭᠠᠨ ᠬᠠᠮᠢᠶ᠎ᠠ ᠪᠦᠬᠦᠢ ᠮᠡᠷᠭᠡᠵᠢᠯ᠂ ᠮᠠᠲ᠋ᠧᠷᠢᠶᠠᠯ ᠰᠤᠩᠭᠤᠭᠰᠠᠨ ᠪᠠᠢᠳᠠᠯ ᠢ ᠲᠤᠪᠴᠢᠯᠠᠨ ᠦᠭᠦᠯᠡᠵᠡᠢ᠃ |
原文 |
没有原文
|
出自 |
内蒙古师范大学学报(自然科学蒙古文版)
2010年
第1期
|