摘要 |
ᠤᠢᠷ ᠠ ᠶᠢᠨ ᠵᠢᠯ ᠡᠴᠡ ᠲᠡᠭᠡᠳᠦ ᠰᠤᠷᠭᠠᠭᠤᠯᠢ ᠨᠤᠭᠤᠳ ᠰᠤᠷᠤᠭᠴᠢᠳ ᠢᠦᠷᠭᠡᠳᠭᠡᠨ ᠡᠯᠰᠡᠬᠦ ᠪᠣᠯᠤᠭᠰᠠᠨ ᠨᠢᠤᠯᠠᠨ ᠵᠠᠯᠠᠭᠤᠴᠤᠳ᠂ ᠰᠤᠷᠤᠭᠴᠢᠳ ᠤᠨ ᠶᠡᠬᠡ ᠰᠤᠷᠭᠠᠭᠤᠯᠢ ᠳ᠋ᠤ ᠤᠷᠤᠬᠤ ᠪᠣᠯᠤᠮᠵᠢ ᠵᠢ ᠨᠡᠩ ᠶᠡᠬᠡ ᠪᠣᠯᠭᠠᠭᠰᠠᠨ ᠪᠠᠢᠨ᠎ᠠ᠃ ᠭᠡᠲᠡᠯ ᠠ ᠨᠡᠢᠭᠡᠮ ᠤᠨ ᠦᠷᠲᠡᠭ ᠤᠨ ᠦᠵᠡᠯᠲᠡ ᠶᠢᠨ ᠪᠣᠳᠤᠯᠢᠶᠠᠨᠲᠤ ᠴᠢᠨᠠᠷ᠂ ᠭᠡᠷ ᠪᠦᠯᠢ ᠶᠢᠨ ᠬᠦᠮᠦᠵᠢᠯ ᠤᠨ ᠬᠦᠴᠦᠨ ᠪᠠᠭᠤᠷᠠᠢ᠂ ᠨᠡᠢᠭᠡᠮ ᠤᠨ ᠵᠦᠢᠯ ᠪᠦᠷᠢ ᠶᠢᠨ ᠦᠵᠡᠯ ᠰᠠᠨᠠᠭᠠᠨ ᠤ ᠬᠡᠯᠪᠡᠷᠢᠯ ᠤᠨᠨᠦᠯᠦᠭᠡ ᠪᠡᠷ ᠣᠳᠤᠬᠠᠨ ᠤ ᠶᠡᠬᠡ ᠰᠤᠷᠭᠠᠭᠤᠯᠢ ᠶᠢᠨ ᠤᠶᠤᠲᠠᠳ ᠤᠨ ᠬᠤᠷᠢᠭᠤᠴᠠᠯᠭᠠᠲᠤ ᠤᠬᠠᠮᠰᠠᠷ ᠨᠡᠢᠳᠡᠮ ᠳ᠋ᠡᠭᠡᠨ ᠪᠠᠭᠤᠷᠠᠵᠤ᠂ ᠠᠵᠢᠯ ᠤᠢᠯᠡᠰ ᠲᠤ ᠨᠠᠵᠠᠭᠠᠢᠷᠠᠨ᠂ ᠰᠤᠷᠤᠯᠭ᠎ᠠ ᠳ᠋ᠠᠭᠠᠨ ᠬᠠᠰᠢ ᠶᠠᠰᠢ ᠬᠠᠨᠳᠤᠵᠤ᠂ ᠵᠣᠷᠢᠭ ᠰᠦᠯᠲᠡ ᠲᠤᠲᠠᠮᠠᠭ᠂ ᠠᠰᠢᠭ ᠣᠯᠠᠵ ᠵᠢ ᠬᠦᠭᠡᠭᠡᠴᠡᠯᠳᠦᠵᠦ᠂ ᠠᠯᠤᠰ ᠤᠨ ᠬᠠᠷᠠᠴᠠ ᠬᠤᠯᠠ ᠶᠢᠨ ᠪᠣᠳᠤᠯ ᠦᠭᠡᠢ ᠪᠠᠢᠳᠠᠭ᠃ᠲᠤᠰ ᠦᠭᠦᠯᠡᠯ ᠳ᠋ᠤ ᠤᠶᠤᠲᠠᠳ ᠤᠨ ᠬᠠᠷᠢᠭᠤᠴᠠᠯᠭᠠᠲᠤ ᠤᠬᠠᠮᠰᠠᠷ ᠢ ᠬᠦᠮᠦᠵᠢᠬᠦᠯᠬᠦ ᠳ᠋ᠤ ᠭᠡᠷ ᠪᠦᠯᠢ ᠶᠢᠨ ᠰᠤᠷᠭᠠᠨ ᠬᠦᠮᠦᠵᠢᠯ ᠪᠠ ᠦᠢᠯᠡ ᠠᠵᠢᠯᠯᠠᠭᠠᠨ ᠤ ᠪᠣᠯᠪᠠᠰᠤᠷᠠᠯ ᠢ ᠴᠢᠩᠭᠠᠳᠬᠠᠵᠤ᠂ ᠦᠨᠳᠦᠰᠦᠲᠡᠨ ᠤ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠬᠡᠪ ᠲᠠᠭᠤᠷᠢᠶᠠᠯ ᠪᠣᠯᠬᠤ ᠬᠦᠮᠦᠨ᠂ ᠦᠢᠯᠠ ᠠᠵᠢᠯᠯᠠᠭ᠎ᠠ ᠪᠡᠷ ᠵᠢᠱᠢᠶᠡᠯᠡᠨ ᠬᠦᠮᠦᠵᠢᠬᠦᠯᠬᠦ ᠵᠢ ᠬᠦᠨᠳᠦᠳᠭᠡᠨ᠂ ᠲᠣᠬᠠᠢ ᠶᠢᠨ ᠭᠠᠵᠠᠷ᠂ ᠠᠮᠢᠳᠤᠯᠢᠭ ᠣᠷᠴᠢᠨ ᠳ᠋ᠤ ᠬᠦᠮᠦᠵᠢᠬᠦᠯᠬᠦ ᠵᠢ ᠠᠩᠬᠠᠷᠤᠨ᠂ ᠲᠤᠷᠰᠢᠯᠭ᠎ᠠ ᠰᠤᠷᠭᠠᠮᠵᠢ ᠪᠠᠨ ᠴᠢᠳᠠᠮᠠᠭᠠᠢ ᠠᠰᠢᠭᠯᠠᠨ᠂ ᠰᠤᠷᠤᠭᠴᠢᠳ ᠤᠨ ᠠᠵᠢᠯ ᠤᠨ ᠪᠦᠲᠦᠮᠵᠢ ᠡᠴᠡ ᠤᠯᠬᠤ ᠵᠣᠷᠢᠭᠵᠢᠯ ᠢ ᠬᠦᠬᠢᠬᠦᠯᠦᠨ᠂ ᠦᠪᠡᠷ ᠤᠨ ᠪᠡᠶ ᠡ ᠳ᠋ᠡᠭᠡᠨ ᠢᠲᠡᠭᠡᠯ ᠲᠠᠢ ᠪᠠᠢᠬᠤ ᠬᠦᠮᠦᠵᠢᠯ ᠢ ᠴᠢᠩᠭᠠᠳᠬᠠᠬᠤ ᠨᠢ ᠭᠡᠷ ᠤᠨ ᠠᠬᠠᠮᠠᠳ ᠪᠣᠯᠤᠨ ᠪᠠᠭᠰᠢ ᠪᠣᠯᠤᠭᠰᠠᠳ ᠤᠨ ᠬᠦᠨᠳᠦ ᠴᠢᠬᠤᠯᠠ ᠡᠭᠦᠷᠭᠡ ᠪᠣᠯᠬᠤ ᠲᠣᠬᠠᠢ ᠦᠭᠦᠯᠡᠪᠡ᠃ |