摘要 |
ᠰᠤᠷ ᠬᠠᠷᠪᠤᠬᠤ ᠪᠤᠯ ᠮᠣᠩᠭᠤᠯᠴᠤᠳ ᠤᠨ ᠠᠩ ᠠᠩᠨᠠᠯ᠂ ᠮᠠᠯ ᠠᠵᠤ ᠠᠬᠤᠢ ᠶᠢᠨ ᠦᠢᠯᠡᠳᠪᠦᠷᠢᠯᠡᠯ ᠬᠦᠳᠡᠯᠮᠦᠷᠢ ᠪᠤᠯᠨᠤ ᠲᠠᠢᠨ ᠪᠠᠢᠯᠳᠤᠭᠠᠨ ᠳ᠋ᠤ ᠦᠢᠯᠡᠳᠦᠯᠭᠡ ᠲᠠᠢ ᠤᠶᠠᠯᠳᠤᠵᠤ ᠡᠭᠦᠰᠦᠨ ᠪᠤᠢ ᠪᠤᠯᠤᠭᠰᠠᠨ ᠪᠦᠭᠡᠳ ᠲᠡᠦᠭᠡᠨ ᠭᠦᠭᠵᠢᠯ ᠤᠨ ᠶᠠᠪᠤᠴᠠ ᠳ᠋ᠤ ᠰᠢᠨᠳᠠᠰᠤ ᠲᠠᠮᠢᠷ ᠰᠢᠯᠭᠠᠬᠤ ᠤᠷ ᠠ ᠤᠬᠠᠭᠠᠨ ᠮᠦᠷᠦᠢᠴᠡᠵᠦ᠂ ᠤᠨᠤᠴᠠ ᠮᠡᠷᠭᠡᠵᠢᠯ ᠢᠢᠡᠨ ᠭᠠᠢᠬᠠᠭᠤᠯᠬᠤ ᠤᠷᠤᠯᠳᠤᠭᠠᠨ ᠮᠦᠷᠦᠢᠴᠡᠭᠡᠨ ᠤ ᠬᠡᠯᠪᠡᠷᠢ ᠪᠡᠷ ᠨᠠᠢᠷ ᠨᠠᠭᠠᠳᠤᠮ ᠤᠨ ᠴᠢᠬᠤᠯᠠ ᠨᠢᠭᠡᠨ ᠠᠭᠤᠯᠭ᠎ᠠ ᠪᠤᠯᠵᠤ ᠤᠯᠠᠮᠵᠢᠯᠠᠭᠳᠠᠭᠰᠠᠭᠠᠷ ᠢᠷᠡᠭᠰᠡᠨ ᠶᠣᠮ᠃ ᠰᠤᠷ ᠬᠠᠷᠪᠤᠯᠲᠠ ᠶᠢᠨ ᠰᠣᠶᠣᠯ ᠪᠤᠯ ᠮᠣᠩᠭᠤᠯᠴᠤᠳ ᠤᠨ ᠤᠯᠠᠮᠵᠢᠯᠠᠯᠲᠤ ᠰᠣᠶᠣᠯ ᠤᠬᠠᠮᠰᠠᠷ ᠤᠨ ᠨᠢᠭᠡ ᠪᠤᠯᠬᠤ ᠪᠦᠭᠡᠳ ᠣᠳᠤ ᠴᠦ ᠭᠡᠰᠡᠨ ᠮᠣᠩᠭᠤᠯᠴᠤᠳ ᠤᠨ ᠲᠤᠷ ᠠ ᠪᠠᠬᠠᠷᠬᠠᠯ ᠢ ᠲᠠᠲᠠᠭᠰᠠᠨ ᠪᠡᠶ ᠠ ᠲᠠᠮᠢᠷ ᠤᠨ ᠨᠢᠭᠡ ᠵᠦᠢᠯ ᠪᠤᠯᠤᠭᠰᠠᠭᠠᠷ ᠪᠠᠢᠨ᠎ᠠ᠃ |