题名 |
ᠬᠠᠳᠠ ᠵᠢᠷᠤᠭ ᠲᠡᠬᠢ ᠡᠷᠲᠡᠨ ᠦ ᠪᠡᠶ᠎ᠡ ᠲᠠᠮᠢᠷ ᠤᠨ ᠰᠤᠳᠤᠯᠤᠯᠲᠠ |
作者 |
ᠸᠠᠩ ᠶᠠᠨ ᠯᠢᠩ |
关键词 |
ᠬᠠᠳᠠᠨ ᠵᠢᠷᠤᠭ; ᠪᠡᠶ᠎ᠡ ᠲᠠᠮᠢᠷ; ᠬᠤᠷᠢᠶᠠᠩᠭᠤᠢᠯᠠᠨ ᠦᠭᠦᠯᠡᠬᠦ |
摘要 |
ᠬᠠᠳᠠᠨ ᠵᠢᠷᠤᠭ ᠨᠢ ᠪᠠᠯᠠᠷ ᠡᠷᠲᠡᠨ ᠦ ᠨᠢᠭᠡᠨ ᠰᠤᠶᠤᠯ ᠤᠨ ᠬᠡᠯᠪᠡᠷᠢ ᠪᠤᠯᠤᠭᠰᠠᠨ ᠤ ᠬᠤᠪᠢ ᠠᠴᠠ᠂ ᠡᠭᠦᠨ ᠨᠢ ᠪᠠᠯᠠᠷ ᠡᠷᠲᠡᠨ ᠦ ᠳᠡᠭᠡᠳᠦᠰ ᠦᠨ ᠠᠩ ᠠᠩᠨᠠᠬᠤ᠂ ᠪᠦᠵᠢᠭ ᠪᠦᠵᠢᠭᠯᠡᠬᠦ᠂ ᠳᠠᠢᠨ ᠪᠠᠢᠯᠳᠤᠭᠠᠨ ᠵᠡᠷᠭᠡ ᠳᠦ ᠢᠯᠡᠷᠡᠬᠦ ᠡᠷᠲᠡᠨ ᠦ ᠪᠡᠶ ᠡ ᠶᠢᠨ ᠲᠠᠮᠢᠷ ᠤᠨ ᠡᠭᠦᠰᠦᠯᠲᠡ᠂ ᠬᠤᠪᠢᠷᠠᠯᠲᠠ᠂ ᠬᠦᠭᠵᠢᠯᠲᠡ ᠶᠢᠨ ᠶᠠᠪᠤᠴᠠ ᠵᠢᠴᠢ ᠡᠷᠲᠡᠨ ᠦ ᠪᠡᠶ᠎ᠡ ᠲᠠᠮᠢᠷ ᠤᠨ ᠰᠤᠶᠤᠯ ᠤᠨ ᠲᠠᠯ᠎ᠠ ᠪᠠᠷ ᠬᠢ ᠣᠨᠴᠠᠯᠢᠭ ᠪᠤᠯᠤᠨ ᠬᠦᠮᠦᠨ ᠨᠡᠢᠭᠡᠮ ᠦᠨ ᠳᠤᠲᠤᠭᠠᠳᠤ ᠠᠭᠤᠯᠭ᠎ᠠ ᠶᠢ ᠰᠤᠳᠤᠯᠬᠤ ᠳᠤ ᠦᠨ᠎ᠡ ᠦᠷᠲᠡᠭ ᠲᠡᠢ ᠪᠤᠷᠤ ᠮᠠᠲ᠋ᠧᠷᠢᠶᠠᠯ ᠪᠠ ᠡᠰᠢ ᠪᠠᠷᠢᠮᠲᠠ ᠶᠢ ᠣᠯᠭᠤᠨ ᠦᠭᠴᠡᠢ᠃ ᠬᠠᠳᠠᠨ ᠵᠢᠷᠤᠭ ᠲᠠᠬᠢ ᠪᠡᠶ᠎ᠡ ᠲᠠᠮᠢᠷ ᠢ ᠰᠤᠳᠤᠯᠬᠤ ᠨᠢ᠂ ᠬᠠᠳᠠᠨ ᠵᠢᠷᠤᠭ ᠤᠨ ᠰᠢᠨᠵᠢᠯᠡᠭᠡᠨ ᠦ ᠰᠢᠨ᠎ᠡ ᠬᠦᠷᠢᠶ᠎ᠡ ᠬᠡᠪᠴᠢᠶ᠎ᠡ ᠶᠢ ᠨᠡᠭᠡᠭᠡᠭᠰᠡᠨ ᠮᠦᠷᠲᠡᠭᠡᠨ ᠳᠤᠮᠳᠠᠳᠤ ᠤᠯᠤᠰ ᠤᠨ ᠪᠡᠶ᠎ᠡ ᠲᠠᠮᠢᠷ ᠤᠨ ᠲᠡᠦᠬᠡ ᠶᠢ ᠰᠤᠳᠤᠯᠬᠤ ᠳᠤ ᠰᠢᠨ᠎ᠡ ᠰᠡᠳᠦᠪ ᠪᠡ ᠰᠢᠨ᠎ᠡ ᠮᠠᠲ᠋ᠧᠷᠢᠶᠠᠯ ᠢ ᠣᠯᠭᠤᠨ ᠦᠭᠴᠡᠢ᠃ ᠡᠢᠮᠦ ᠡᠴᠡ ᠬᠠᠳᠠᠨ ᠵᠢᠷᠤᠭ ᠲᠠᠬᠢ ᠪᠡᠶ᠎ᠡ ᠲᠠᠮᠢᠷ ᠢ ᠰᠤᠳᠤᠯᠬᠤ ᠨᠢ ᠬᠠᠳᠠᠨ ᠵᠢᠷᠤᠭ ᠤᠨ ᠰᠢᠨᠵᠢᠯᠡᠭᠡᠨ ᠦ ᠬᠢᠨ ᠪᠤᠯᠤᠨ ᠪᠡᠶ᠎ᠡ ᠲᠠᠮᠢᠷ ᠤᠨ ᠲᠡᠦᠬᠡᠨ ᠰᠤᠳᠤᠯᠤᠯ ᠤᠨ ᠤᠬᠠᠭᠠᠨ ᠤ ᠠᠩᠬᠠᠷᠤᠯ ᠢ ᠲᠠᠲᠠᠵᠤ᠂ ᠰᠤᠳᠤᠯᠤᠯᠲᠠ ᠶᠢᠨ ᠦᠷ᠎ᠡ ᠪᠦᠲᠦᠭᠡᠯ ᠨᠢ ᠬᠠᠳᠠᠨ ᠵᠢᠷᠤᠭ ᠤᠨ ᠰᠢᠨᠵᠢᠯᠡᠭᠡᠨ ᠬᠢᠭᠡᠳ ᠪᠡᠶ᠎ᠡ ᠲᠠᠮᠢᠷ ᠤᠨ ᠲᠡᠦᠬᠡᠨ ᠰᠤᠳᠤᠯᠤᠯ ᠤᠨ ᠤᠬᠠᠭᠠᠨ ᠤ ᠠᠭᠤᠯᠭ᠎ᠠ ᠶᠢ ᠪᠠᠶᠠᠯᠢᠭᠵᠢᠭᠤᠯᠵᠤ᠂ ᠬᠠᠳᠠᠨ ᠵᠢᠷᠤᠭ ᠲᠠᠬᠢ ᠪᠡᠶ᠎ᠡ ᠲᠠᠮᠢᠷ ᠤᠨ ᠰᠤᠳᠤᠯᠤᠯᠲᠠ ᠶᠢᠨ ᠪᠠᠢᠳᠠᠯ ᠢ ᠰᠢᠰᠢᠲ᠋ᠧᠮ ᠲᠡᠢ ᠡᠷᠭᠢᠴᠡᠭᠦᠯᠬᠦ ᠶᠢᠨ ᠬᠠᠮᠲᠤ᠂ ᠦᠭᠦᠯᠡᠨ ᠲᠤᠳᠤᠷᠬᠠᠢᠯᠠᠬᠤ ᠶᠢᠨ ᠤᠯᠠᠮ ᠢᠶᠠᠷ᠂ ᠬᠠᠳᠠᠨ ᠵᠢᠷᠤᠭ ᠲᠠᠬᠢ ᠪᠡᠶ ᠡ ᠲᠠᠮᠢᠷ ᠤᠨ ᠰᠤᠳᠤᠯᠤᠯᠲᠠ ᠶᠢᠨ ᠡᠬᠢ ᠠᠳᠠᠭ ᠲᠤ ᠨᠢᠭᠡᠨ ᠲᠤᠳᠤᠷᠬᠠᠢ ᠲᠠᠨᠢᠯᠲᠠ ᠲᠠᠢ ᠪᠤᠯᠭᠠᠨ᠎ᠠ᠃ |
原文 |
没有原文
|
出自 |
内蒙古师范大学学报(自然科学蒙古文版)
2012年
第2期
|