论文信息


题名 ᠬᠤᠲᠠ ᠪᠠᠯᠭᠠᠰᠤᠴᠢᠯᠠᠬᠤ ᠳᠤᠮᠳᠠᠬᠢ ᠮᠠᠯᠵᠢᠬᠤ ᠣᠷᠤᠨ ᠤ ᠰᠤᠷᠭᠠᠨ ᠬᠦᠮᠦᠵᠢᠯ ᠦᠨ ᠲᠤᠬᠠᠢ ᠪᠤᠳᠤᠯᠬᠢᠯᠠᠯ
作者 ᠨᠠᠯᠢᠨ᠎ᠠ
关键词 ᠬᠤᠲᠠ ᠪᠠᠯᠭᠠᠰᠤᠴᠢᠯᠠᠬᠤ; ᠮᠠᠯᠵᠢᠬᠤ ᠣᠷᠤᠨ ᠤ ᠰᠤᠷᠭᠠᠨ ᠬᠦᠮᠦᠵᠢᠯ; ᠪᠤᠳᠤᠯᠬᠢᠯᠠᠯ ᠵᠢᠴᠢ ᠠᠷᠭᠠᠴᠠᠬᠤ ᠪᠤᠳᠤᠯᠭ᠎ᠠ
摘要 ᠣᠷᠴᠢᠮ ᠤᠨ ᠵᠢᠯ ᠳᠦ ᠂ ᠮᠠᠨ ᠤ ᠤᠯᠤᠰ ᠤᠨ ᠬᠤᠲᠠ ᠪᠠᠯᠭᠠᠰᠤᠴᠢᠯᠠᠯᠲᠠ ᠶᠢᠨ ᠲᠦᠷᠭᠡᠨ ᠠᠬᠢᠴᠠ ᠶᠢ ᠳᠠᠭᠠᠯᠳᠤᠭᠠᠳ ᠂ ᠮᠠᠨ ᠤ ᠣᠷᠤᠨ ᠤ ᠠᠵᠤ ᠠᠬᠤᠢ᠂ ᠰᠤᠶᠤᠯ ᠰᠤᠷᠭᠠᠨ ᠬᠦᠮᠦᠵᠢᠯ᠂ ᠦᠢᠯᠡᠳᠪᠦᠷᠢᠯᠡᠯ ᠠᠮᠢᠳᠤᠷᠠᠯ ᠵᠡᠷᠭᠡ ᠪᠦᠲᠦᠬᠡᠨ ᠪᠠᠢ᠌ᠭᠤᠯᠤᠯᠲᠠ ᠶᠢᠨ ᠦᠢᠯᠰ ᠪᠦᠷ ᠴᠦ ᠶᠡᠬᠡ ᠪᠡᠷ ᠬᠦᠭ᠍ᠵᠢᠨ ᠬᠤᠪᠢᠷᠠᠵᠤ᠂ ᠢᠯᠠᠩ᠋ᠭᠤᠶ᠎ᠠ ᠮᠠᠯᠵᠢᠬᠤ ᠣᠷᠤᠨ ᠤ ᠰᠤᠷᠭᠠᠨ ᠬᠦᠮᠦᠵᠢᠯ ᠳᠦ ᠶᠡᠬᠡ ᠴᠢᠨᠠᠷ ᠤᠨ ᠬᠤᠪᠢᠷᠠᠯᠲᠠ ᠭᠠᠷᠴᠠᠢ᠃ ᠭᠡᠪᠡᠴᠦ ᠤᠮᠳᠤᠭᠠᠢ᠌ᠯᠠᠵᠤ ᠪᠤᠯᠤᠰᠢ ᠦᠭᠡᠢ ᠨᠢᠭᠡ ᠠᠰᠠᠭᠤᠳᠠᠯ ᠭᠡᠪᠡᠯ᠂ ᠬᠤᠲᠠ ᠪᠠᠯᠭᠠᠰᠤᠴᠢᠯᠠᠬᠤ ᠳᠤᠮᠳᠠᠬᠢ ᠣᠯᠠᠨ ᠵᠤᠢ᠌ᠯ ᠤᠨ ᠬᠤᠪᠢᠷᠠᠯᠲᠠ ᠨᠢ ᠮᠠᠯᠵᠢᠬᠤ ᠣᠷᠤᠨ ᠤ ᠰᠤᠷᠭᠠᠨ ᠬᠦᠮᠦᠵᠢᠯ ᠢ ᠬᠦᠴᠦᠲᠡᠢ ᠨᠦᠯᠦᠭᠡᠯᠡᠵᠦ᠂ ᠮᠠᠯᠵᠢᠬᠤ ᠣᠷᠤᠨ ᠤ ᠰᠤᠷᠭᠠᠨ ᠬᠦᠮᠦᠵᠢᠯ ᠶᠠᠭ ᠰᠠᠢ᠌ᠬᠠᠨ ᠰᠢᠨ᠎ᠡ ᠠᠰᠠᠭᠤᠳᠠᠯ᠂ ᠰᠢᠨ᠎ᠡ ᠦᠷᠢᠰᠦᠯᠳᠦᠭᠡᠨ ᠳᠦ ᠲᠤᠯᠭᠠᠷᠠᠵᠤ ᠪᠤᠢ᠃ ᠲᠤᠰ ᠦᠭᠦᠯᠡᠯ ᠳᠦ ᠬᠦᠯᠦᠨ ᠪᠤᠢ᠌ᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤ ᠪᠠᠷ ᠵᠢᠱᠢᠶ᠎ᠡ ᠪᠤᠯᠭᠠᠵᠤ᠂ ᠬᠤᠲᠠ ᠪᠠᠯᠭᠠᠰᠤᠴᠢᠯᠠᠬᠤ ᠳᠤᠮᠳᠠᠬᠢ ᠮᠠᠯᠵᠢᠬᠤ ᠣᠷᠤᠨ ᠤ ᠰᠤᠷᠭᠠᠨ ᠬᠦᠮᠦᠵᠢᠯ ᠦᠨ ᠲᠠᠯ᠎ᠠ ᠪᠠᠷ ᠬᠠᠢ᠌ᠨ ᠰᠢᠨᠵᠢᠯᠡᠭᠡ ᠬᠢᠪᠡ᠃
原文 查看原文
出自 蒙古学研究 2011年 第2期

联系我们


内蒙古大学图书馆
呼和浩特市大学西路235号
中国·内蒙古
P: (0471) 4992561
E: huangfeilong@imu.edu.cn