摘要 |
ᠦᠭᠦᠯᠡᠯ ᠳᠤ ᠴᠢᠩ ᠤᠯᠤᠰ ᠤᠨ ᠲᠦᠷᠦ ᠭᠡᠷᠡᠯᠳᠦ ᠶᠢᠨ ᠦᠶ᠎ᠡ ᠳᠤ ᠤᠷᠠᠳ ᠤᠨ ᠶᠡᠬᠡᠳᠡ ᠲᠤᠰᠠᠯᠠᠭᠴᠢ ᠰᠦᠮ᠎ᠡ ᠶᠢᠨ ᠳ᠋ᠠ ᠯᠠᠮᠠ ᠵᠢᠮᠪᠠᠳᠤᠷᠵᠢ ᠶᠢᠨ ᠵᠤᠬᠢᠶᠠᠭᠰᠠᠨ 《 ᠪᠤᠯᠤᠷ ᠲᠤᠯᠢ》 ᠶᠢᠨ ᠪᠢᠴᠢᠭ᠍ᠳᠡᠭᠰᠡᠨ ᠤᠨ ᠵᠢᠯ᠂ ᠤᠯᠤᠰ ᠤᠨ ᠲᠤᠳᠤᠭᠠᠳᠤ ᠭᠠᠳᠠᠭᠠᠳᠤ ᠳᠤ ᠬᠠᠳᠠᠭᠠᠯᠠᠵᠤ ᠪᠠᠢ᠌ᠭ᠎ᠠ ᠬᠠᠭᠤᠯᠪᠤᠷᠢ ᠨᠤᠭᠤᠳ᠂ ᠤᠯᠤᠰ ᠤᠨ ᠲᠤᠳᠤᠭᠠᠳᠤ ᠭᠠᠳᠠᠭᠠᠳᠤ ᠳᠤ ᠰᠤᠳᠤᠯᠤᠭᠰᠠᠨ ᠪᠠᠢ᠌ᠳᠠᠯ ᠵᠢᠴᠢ ᠲᠤᠰ ᠨᠤᠮ ᠤᠨ ᠠᠭᠤᠯᠭ᠎ᠠ᠂ ᠦᠵᠡᠯ ᠰᠠᠨᠠᠭ᠎ᠠ᠂ ᠲᠡᠦᠬᠡᠨ ᠮᠠᠲ᠋ᠸᠷᠢᠶᠠᠯ ᠤᠨ ᠦᠨ᠎ᠡ ᠦᠷᠳᠡᠭ᠂ ᠯᠠᠪᠯᠠᠯᠳᠠ ᠪᠤᠯᠭᠠᠨ ᠠᠰᠢᠭᠯᠠᠭᠰᠠᠨ ᠭᠤᠤᠯ ᠰᠤᠷᠪᠤᠯᠵᠢᠰ ᠵᠡᠷᠭᠡ ᠠᠰᠠᠭᠤᠳᠠᠯ ᠢ ᠰᠤᠳᠤᠯᠤᠭᠠᠳ ᠪᠤᠳ᠋ᠳ᠋ᠾᠨ ᠶᠢᠨ ᠱᠠᠰᠢᠨ ᠤ ᠦᠵᠡᠯ ᠰᠠᠨᠠᠭ᠎ᠠ ᠪᠤᠯ 《 ᠪᠤᠯᠤᠷ ᠲᠤᠯᠢ 》 ᠳ᠋ᠤ ᠲᠤᠤᠱᠯᠠᠭᠳᠠᠭᠰᠠᠨ ᠵᠢᠯᠤᠭᠤᠳᠬᠤ ᠦᠵᠡᠯ ᠰᠠᠨᠠᠭ᠎ᠠ ᠮᠦᠨ᠃ 《 ᠪᠤᠯᠤᠷ ᠲᠤᠯᠢ 》 ᠪᠤᠯ ᠮᠢᠩ ᠤᠯᠤᠰ ᠤᠨ ᠰᠡᠭᠦᠯ ᠤᠨ ᠦᠶ᠎ᠡ ᠶᠢᠨ ᠮᠤᠩᠭ᠋ᠤᠯ ᠲᠡᠦᠬᠡ ᠪᠤᠯᠤᠨ ᠴᠢᠩ ᠤᠯᠤᠰ ᠤᠨ ᠦᠶ᠎ᠡ ᠶᠢᠨ ᠮᠤᠩᠭ᠋ᠤᠯ ᠲᠡᠦᠬᠡ ᠶᠢ ᠰᠤᠳᠤᠯᠬᠤ ᠳᠤ ᠲᠤᠳᠠᠭᠳᠠᠵᠤ ᠪᠤᠯᠤᠰᠢ ᠦᠭᠡᠢ ᠯᠠᠪᠯᠠᠯᠳᠠ ᠶᠢᠨ ᠮᠠᠲ᠋ᠸᠷᠢᠶᠠᠯ ᠪᠤᠯᠤᠨ᠎ᠠ ᠭᠡᠵᠦ ᠦᠵᠡᠵᠡᠢ᠃ |