摘要 |
ᠣᠷᠤᠰ ᠤᠨ ᠬᠤᠯᠪᠤᠭᠠᠨ ᠤ ᠲᠤᠸᠠ ᠤᠯᠤᠰ ᠬᠢᠭᠡᠳ ᠮᠣᠩ᠋ᠭᠤᠯ ᠤᠯᠤᠰ ᠤᠨ 《ᠵᠠᠩ᠋ᠭᠠᠷ》᠋ ᠤᠨ ᠦᠢᠯᠡ ᠶᠠᠪᠤᠳᠠᠯ᠂ ᠳᠦᠷᠰᠦᠯᠡᠯ ᠵᠢᠷᠤᠭᠯᠠᠯ᠂ ᠦᠭᠡ ᠬᠡᠯᠡᠯᠭᠡ ᠶᠢ ᠰᠢᠰᠢᠲ᠋ᠧᠮ ᠲᠡᠢ ᠬᠠᠷᠢᠴᠠᠭᠤᠯᠬᠤ ᠪᠠᠷ ᠳᠠᠮᠵᠢᠵᠤ᠂ ᠣᠷᠤᠰ ᠤᠨ ᠬᠤᠯᠪᠤᠭᠠᠨ ᠤ ᠲᠤᠸᠠ ᠤᠯᠤᠰ ᠨᠢ ᠭᠠᠵᠠᠷ ᠵᠦᠢ ᠶᠢᠨ ᠪᠠᠢ᠌ᠷᠢᠰᠢᠯ ᠤᠨ ᠬᠤᠪᠢ ᠳᠤ ᠡᠮᠦᠨ᠎ᠡ ᠲᠠᠯ᠎ᠠ ᠪᠤᠯᠤᠨ ᠵᠡᠭᠦᠨ ᠡᠮᠦᠨ᠎ᠡ ᠲᠠᠯ᠎ᠠ ᠪᠠᠷ ᠢᠶᠠᠨ ᠮᠣᠩ᠋ᠭᠤᠯ ᠤᠯᠤᠰ ᠲᠠᠢ ᠬᠢᠯᠢᠯᠡᠵᠦ ᠬᠦᠷᠰᠢ ᠵᠡᠷᠭᠡᠯᠡᠳᠡᠭᠡ ᠣᠷᠤᠰᠢᠵᠤ ᠪᠠᠢ᠌ᠳᠠᠭ ᠠᠴᠠ ᠬᠤᠶᠠᠷ ᠭᠠᠵᠠᠷ ᠲᠤ ᠤᠯᠠᠮᠵᠢᠯᠠᠭᠳᠠᠨ ᠲᠠᠷᠬᠠᠭᠰᠠᠨ 《ᠵᠠᠩ᠋ᠭᠠᠷ》ᠨᠢ ᠦᠯᠢᠭᠡᠷᠯᠢᠭ᠌᠌ ᠰᠢᠨᠵᠢ ᠲᠡᠢ ᠭᠡᠳᠡᠭ ᠢᠶᠡᠷ ᠢᠶᠡᠨ ᠠᠳᠠᠯᠢᠪᠲᠤᠷ ᠪᠠᠢ᠌ᠳᠠᠭ ᠪᠤᠯᠪᠠᠴᠤ ᠲᠠᠷᠬᠠᠨ ᠳᠡᠯᠭᠡᠷᠡᠭᠰᠡᠨ ᠭᠠᠵᠠᠷ ᠣᠷᠤᠨ ᠤ ᠪᠠᠨ ᠬᠡᠯᠡ ᠰᠤᠶᠤᠯ᠂ ᠠᠮᠢᠳᠤᠷᠠᠯ ᠤᠨ ᠬᠡᠯᠪᠡᠷᠢ ᠵᠡᠷᠭᠡ ᠡᠴᠡ ᠰᠢᠯᠲᠠᠭᠠᠯᠠᠭᠳᠠᠵᠤ ᠦᠪᠡᠷᠮᠢᠴᠡ ᠣᠨᠴᠠᠯᠢᠭ ᠲᠠᠢ ᠪᠤᠯᠤᠭᠰᠠᠨ ᠭᠡᠳᠡᠭ ᠢ ᠲᠤᠳᠤᠷᠬᠠᠢ᠌ᠯᠠᠪᠠ᠃ |