题名 |
RS ᠪᠠ GIS ᠮᠡᠷᠭᠡᠵᠢᠯ ᠢᠶᠡᠷ ᠰᠠᠭᠤᠷᠢᠯᠠᠭᠰᠠᠨ ᠭᠠᠵᠠᠷ ᠰᠢᠷᠦᠢ ᠶᠢᠨ ᠠᠰᠢᠭᠯᠠᠯᠲᠠ ᠶᠢᠨ ᠬᠦᠳᠡᠯᠦᠩᠭᠦᠢ ᠪᠠᠢᠳᠠᠯ ᠤᠨ ᠵᠠᠳᠠᠯᠤᠯᠲᠠ —— ᠦᠪᠦᠷ ᠮᠣᠩᠭᠤᠯ ᠤᠨ ᠣᠷᠳᠤᠰ ᠬᠤᠲᠠ ᠶᠢᠨ ᠦᠦᠰᠢᠨ ᠬᠤᠰᠢᠭᠤ ᠪᠠᠷ ᠵᠢᠱᠢᠶᠡᠯᠡᠬᠦ ᠨᠢ |
作者 |
ᠰᠠᠷᠠᠨ᠎ᠠ; ᠶᠢᠨ ᠱᠠᠨ |
关键词 |
ᠭᠠᠵᠠᠷ ᠰᠢᠷᠦᠢ ᠶᠢᠨ ᠠᠰᠢᠭᠯᠠᠯᠲᠠ; ᠬᠦᠳᠡᠯᠦᠩᠭᠦᠢ ᠪᠠᠢᠳᠠᠯ; RS ᠪᠠ GIS ᠮᠡᠷᠭᠡᠵᠢᠯ; ᠦᠦᠰᠢᠨ ᠬᠤᠰᠢᠭᠤ |
摘要 |
RS ᠪᠠ GIS ᠮᠡᠷᠭᠡᠵᠢᠯ ᠢ ᠠᠰᠢᠭᠯᠠᠨ᠂ 2000 ᠣᠨ᠂ 2007 ᠣᠨ᠂ 2009 ᠣᠨ ᠤ ᠳᠦᠷᠪᠡᠨ ᠬᠤᠭᠤᠴᠠᠭ᠎ᠠ ᠶᠢᠨ TM ᠠᠯᠤᠰ ᠰᠡᠷᠡᠯ ᠦᠨᠮ ᠲᠤᠭ᠎ᠠ ᠪᠠᠷᠢᠮᠲᠠ ᠶᠢᠨ ᠪᠦᠷᠢᠳᠭᠡᠯ ᠪᠡᠷ ᠭᠤᠤᠯ ᠲᠤᠭ᠎ᠠ ᠪᠠᠷᠢᠮᠲᠠ ᠶᠢᠨ ᠢᠷᠡᠯᠲᠡ ᠪᠤᠯᠭᠠᠵᠤ᠂ ᠦᠪᠦᠷ ᠮᠣᠩᠭᠤᠯ ᠤᠨ ᠣᠷᠳᠤᠰ ᠤᠨ ᠦᠦᠰᠢᠨ ᠬᠤᠰᠢᠭᠤᠨ ᠤ ᠭᠠᠵᠠᠷ ᠰᠢᠷᠦᠢ ᠶᠢᠨ ᠠᠰᠢᠭᠯᠠᠯᠲᠠ ᠶᠢᠨ ᠬᠦᠳᠡᠯᠦᠩᠭᠦᠢ ᠪᠠᠢᠳᠠᠯ ᠳᠤ ᠵᠠᠳᠠᠯᠤᠯᠲᠠ ᠬᠢᠪᠡ᠃ ᠵᠠᠳᠠᠯᠤᠯᠲᠠ ᠠᠴᠠ ᠦᠵᠡᠪᠡᠯ᠂ 200 ~ 2009 ᠣᠨ ᠤ ᠬᠤᠭᠤᠷᠤᠨᠳᠤᠬᠢ ᠭᠠᠵᠠᠷ ᠰᠢᠷᠦᠢ ᠶᠢᠨ ᠠᠰᠢᠭᠯᠠᠯᠲᠠ ᠶᠢᠨ ᠢᠯᠡᠷᠬᠡᠢ ᠬᠤᠪᠢᠷᠠᠯᠲᠠ ᠪᠤᠢ᠃ ᠠᠰᠢᠭᠯᠠᠭᠠᠳᠤᠢ ᠭᠠᠵᠠᠷ ᠤᠨ ᠲᠠᠯᠠᠪᠠᠢ ᠪᠠᠭᠠᠰᠴᠤ᠂ ᠪᠤᠰᠤᠳ ᠲᠦᠷᠦᠯ ᠦᠨ ᠭᠠᠵᠠᠷ ᠰᠢᠷᠦᠢ ᠶᠢᠨ ᠲᠠᠯᠠᠪᠠᠢ ᠨᠢ ᠶᠡᠷᠦᠩᠬᠡᠢ ᠳᠡᠭᠡᠨ ᠶᠡᠬᠡᠰᠬᠦ ᠬᠠᠨᠳᠤᠰᠢ ᠲᠠᠢ᠃ ᠠᠰᠢᠭᠯᠠᠭᠠᠳᠤᠢ ᠭᠠᠵᠠᠷ ᠨᠢ 100.83km2᠋ ᠪᠠᠷ ᠬᠤᠷᠤᠭᠳᠠᠵᠤ᠂ ᠡᠪᠡᠰᠦᠲᠦ ᠭᠠᠵᠠᠷ ᠪᠠ ᠬᠤᠲᠠ ᠬᠦᠳᠡᠭᠡ ᠦᠢᠯᠡᠳᠪᠦᠷᠢ ᠠᠭᠤᠷᠬᠠᠢ ᠶᠢᠨ ᠪᠦᠲᠦᠬᠡᠨ ᠪᠠᠢᠭᠤᠯᠤᠯᠲᠠ ᠵᠢᠴᠢ ᠰᠠᠭᠤᠭᠠᠯᠢ ᠠᠷᠠᠳ ᠤᠨ ᠭᠠᠵᠠᠷ ᠰᠢᠷᠦᠢ ᠨᠢ ᠲᠤᠰ ᠲᠤᠰ 51.43km2᠋᠂ 47.15km2᠋ ᠋ ᠢᠶᠠᠷ ᠨᠡᠮᠡᠭᠳᠡᠪᠡ᠃ ᠭᠠᠵᠠᠷ ᠰᠢᠷᠦᠢ ᠶᠢᠨ ᠠᠰᠢᠭᠯᠠᠯᠲᠠ ᠶᠢᠨ ᠲᠦᠷᠦᠯ ᠵᠤᠢᠯ ᠤᠨ ᠬᠤᠭᠤᠷᠤᠨᠳᠤᠬᠢ ᠰᠢᠯᠵᠢᠨ ᠬᠤᠪᠢᠷᠠᠬᠤ ᠴᠢᠭᠯᠡᠯ ᠨᠢ ᠭᠤᠤᠯᠳᠠᠭᠤ ᠠᠰᠢᠭᠯᠠᠭᠠᠳᠤᠢ ᠭᠠᠵᠠᠷ᠂ ᠡᠪᠡᠰᠦᠲᠦ ᠭᠠᠵᠠᠷ ᠪᠠ ᠬᠤᠲᠠ ᠬᠦᠳᠡᠭᠡ ᠦᠢᠯᠡᠳᠪᠦᠷᠢ ᠠᠭᠤᠷᠬᠠᠢ ᠶᠢᠨ ᠪᠦᠲᠦᠬᠡᠨ ᠪᠠᠢᠭᠤᠯᠤᠯᠲᠠ ᠵᠢᠴᠢ ᠰᠠᠭᠤᠭᠠᠯᠢ ᠠᠷᠠᠳ ᠤᠨ ᠭᠠᠵᠠᠷ ᠰᠢᠷᠦᠢ ᠶᠢᠨ ᠲᠠᠯ᠎ᠠ ᠪᠠᠷ ᠬᠤᠪᠢᠷᠠᠯᠲᠠ ᠭᠠᠷᠴᠤ ᠪᠤᠢ᠃ |
原文 |
没有原文
|
出自 |
内蒙古师范大学学报(自然科学蒙古文版)
2013年
第1期
|