题名 |
ᠰᠤᠨᠢᠨ ᠮᠡᠳᠡᠭᠡᠨ ᠦ ᠬᠦᠦᠷᠨᠢᠯ ᠵᠦᠢ ᠶᠢᠨ ᠬᠠᠷᠠᠭᠠᠰᠤ ᠠᠴᠠ ᠮᠣᠩᠭᠤᠯ ᠵᠠᠭᠤᠴᠢᠯᠠᠭᠤᠷ ᠤᠨ ᠬᠡᠯᠡ ᠶᠢ ᠰᠤᠳᠤᠯᠬᠤ ᠶᠢᠨ ᠤᠴᠢᠷ |
作者 |
ᠮᠦᠯᠰᠦᠨ |
关键词 |
ᠰᠤᠨᠢᠨ ᠮᠡᠳᠡᠭᠡᠨ ᠦ ᠬᠦᠦᠷᠨᠢᠯ ᠵᠦᠢ; ᠵᠠᠭᠤᠴᠢᠯᠠᠭᠤᠷ ᠤᠨ ᠬᠡᠯᠡ; ᠮᠣᠩ᠋ᠭᠤᠯ |
摘要 |
ᠵᠠᠭᠤᠴᠢᠯᠠᠭᠤᠷ ᠤᠨ ᠬᠡᠯᠡ ᠭᠡᠭ᠍ᠴᠢ ᠵᠠᠭᠤᠴᠢᠯᠠᠭᠤᠷ ᠤᠨ ᠬᠢᠨ ᠦ ᠡᠳᠦᠷ ᠳᠤᠲᠤᠮ ᠤᠨ ᠠᠵᠢᠯ ᠢᠶᠠᠨ ᠶᠠᠪᠤᠭᠳᠠᠭᠤᠯᠬᠤ ᠳᠤ ᠬᠡᠷᠡᠭᠯᠡᠵᠦ ᠪᠠᠢ᠌ᠭ᠎ᠠ ᠬᠡᠯᠡ ᠦᠰᠦᠭ ᠪᠢᠴᠢᠭ᠌ ᠬᠢᠭᠡᠳ ᠪᠤᠰᠤᠳ ᠣᠨᠴᠠᠭᠠᠢ ᠬᠡᠯᠡᠭᠦᠢ ᠶᠢᠨ ᠡᠯᠧᠮᠧᠨ᠋ᠲ ᠦᠳ ᠢ ᠵᠢᠭᠠᠨ᠎ᠠ᠃ ᠲᠡᠳᠡᠭᠡᠷ ᠣᠨᠴᠠᠭᠠᠢ ᠡᠯᠧᠮᠧᠨ᠋ᠲ ᠲᠤ ᠦᠩᠭᠡ ᠪᠤᠳᠤᠭ᠂ ᠵᠢᠷᠤᠭ ᠳᠦᠷᠰᠦ᠂ ᠳᠠᠭᠤ ᠠᠶᠠᠯᠭᠤ᠂ ᠣᠪᠤᠷ ᠰᠡᠳᠬᠢᠯᠭᠡ ᠵᠢᠴᠢ ᠡᠳᠡᠭᠡᠷ ᠬᠦᠴᠦᠰᠦ ᠶᠢᠨ ᠰᠢᠰᠲ᠋ᠧᠮᠲᠦ ᠲᠤᠬᠢᠷᠠᠭᠤᠯᠤᠯ᠂ ᠶᠡᠷᠦᠩᠬᠡᠢ ᠪᠠᠢ᠌ᠷᠢᠰᠢᠭᠤᠯᠤᠯᠲᠠ ᠵᠡᠷᠭᠡ ᠪᠠᠭᠲᠠᠨ᠎ᠠ᠃ ᠵᠠᠭᠤᠴᠢᠯᠠᠭᠤᠷ ᠤᠨ ᠬᠡᠯᠡ ᠨᠢ ᠬᠦᠮᠦᠨ ᠲᠦᠷᠦᠯᠬᠢᠲᠡᠨ ᠦ ᠬᠡᠯᠡᠨ ᠦ ᠴᠢᠳᠠᠮᠵᠢ ᠶᠢᠨ ᠢᠳᠡᠪᠬᠢᠲᠦ ᠪᠠᠳᠠᠷᠠᠭᠠᠯ ᠪᠠ ᠠᠮᠢᠳᠤᠯᠢᠭ ᠬᠡᠷᠡᠭᠯᠡᠭᠡᠨ ᠦ ᠦᠷ᠎ᠡ ᠳ᠋ᠦᠩ ᠪᠠᠢ᠌ᠵᠤ᠂ ᠣᠯᠠᠨ ᠨᠡᠢ᠌ᠲᠡ ᠶᠢᠨ ᠳᠠᠮᠵᠢᠭᠤᠯᠭ᠎ᠠ ᠶᠢᠨ ᠵᠠᠭᠤᠴᠢᠯᠠᠭᠤᠷ ᠠᠴᠠ ᠰᠤᠨᠢᠨ ᠮᠡᠳᠡᠭᠡ ᠰᠤᠷᠠᠭ ᠵᠠᠩᠭᠢ ᠳᠠᠮᠵᠢᠭᠤᠯᠬᠤ ᠳᠤ ᠦᠢᠯᠡᠴᠢᠯᠡᠬᠦ ᠦᠨᠳᠦᠰᠦᠨ ᠬᠡᠷᠡᠭᠯᠡᠭᠳᠡᠭᠦᠨ᠂ ᠭᠤᠤᠯ ᠪᠤᠯᠬᠤ ᠠᠴᠢᠶᠠᠯᠠᠭᠴᠢ ᠮᠦᠨ᠃ ᠲᠤᠰ ᠦᠭᠦᠯᠡᠯ ᠳᠦ ᠰᠤᠨᠢᠨ ᠮᠡᠳᠡᠭᠡᠨ ᠦ ᠬᠦᠦᠷᠨᠢᠯ ᠵᠦᠢ ᠭᠡᠬᠦ ᠡᠨᠡ ᠬᠦ ᠰᠤᠳᠤᠯᠭᠠᠨ ᠤ ᠰᠢᠨᠡᠪᠲᠦᠷᠭᠡᠨ ᠬᠠᠷᠠᠭᠠᠰᠤ ᠠᠴᠠ ᠮᠣᠩ᠋ᠭᠤᠯ ᠵᠠᠭᠤᠴᠢᠯᠠᠭᠤᠷ ᠤᠨ ᠬᠡᠯᠡ ᠰᠢᠨᠵᠢᠯᠡᠭᠡᠨ ᠦ ᠬᠦᠷᠢᠶ᠎ᠡ ᠴᠠᠷᠠᠭ᠎ᠠ ᠶᠢ ᠳᠠᠯᠠᠨ ᠦᠷᠭᠡᠵᠢᠭᠦᠯᠬᠦ ᠶᠢ ᠵᠤᠷᠢᠵᠤ᠂ ᠦᠨᠳᠦᠰᠦᠨ ᠣᠢ᠌ᠯᠠᠭᠠᠭᠳᠠᠬᠤᠨ ᠤ ᠲᠤᠳᠤᠷᠠᠭᠤᠯᠤᠯ ᠠᠴᠠ ᠭᠠᠷᠲᠠᠵᠤ᠂ ᠰᠤᠨᠢᠨ ᠮᠡᠳᠡᠭᠡᠨ ᠦ ᠬᠦᠦᠷᠨᠢᠯ ᠵᠦᠢ ᠬᠢᠭᠡᠳ ᠵᠠᠭᠤᠴᠢᠯᠠᠭᠤᠷ ᠤ ᠬᠡᠯᠡᠨ ᠦ ᠲᠤᠬᠠᠢ ᠲᠠᠢ᠌ᠯᠪᠤᠷᠢᠯᠠᠨ᠂ ᠮᠣᠩ᠋ᠭᠤᠯ ᠵᠠᠭᠤᠴᠢᠯᠠᠭᠤᠷ ᠤᠨ ᠬᠡᠯᠡᠨ ᠦ ᠬᠦᠦᠷᠨᠢᠯ ᠵᠦᠢ ᠰᠤᠳᠤᠯᠤᠯ ᠤᠨ ᠤᠴᠢᠷ ᠬᠤᠯᠪᠤᠭᠳᠠᠯ᠂ ᠨᠦᠬᠦᠴᠡᠯ ᠪᠤᠯᠤᠮᠵᠢ᠂ ᠪᠤᠳᠠᠲᠤ ᠠᠭᠤᠯᠭ᠎ᠠ ᠵᠡᠷᠭᠡ ᠶᠢ ᠦᠭᠦᠯᠡᠨ ᠲᠤᠳᠤᠷᠬᠠᠢ᠌ᠯᠠᠵᠠᠢ᠃ |
原文 |
查看原文
|
出自 |
中国蒙古学
2013年
第4期
|