摘要 |
ᠮᠣᠩᠭᠤᠯ ᠪᠦᠬᠡ ᠪᠣᠯ ᠮᠣᠩᠭᠤᠯ ᠦᠨᠳᠦᠰᠦᠲᠡᠨ ᠤ ᠲᠡᠦᠬᠡᠨ ᠪᠦᠲᠦᠭᠡᠭᠳᠡᠬᠦᠨ ᠪᠣᠯᠬᠤ ᠪᠦᠭᠡᠳ ᠦᠢᠯᠡᠳᠪᠦᠷᠢᠯᠡᠯ ᠬᠦᠳᠡᠯᠮᠦᠷᠢ ᠪᠠ ᠠᠵᠤ ᠠᠮᠢᠳᠤᠷᠠᠯ ᠤᠨ ᠭᠠᠢᠬᠠᠮᠰᠢᠭᠲᠤ ᠰᠠᠢᠬᠠᠨ ᠰᠣᠶᠣᠯ ᠤᠨ ᠦᠪ ᠬᠦᠷᠦᠩᠭᠡ ᠮᠦᠨ᠃ ᠮᠣᠩᠭᠤᠯᠴᠤᠳ ᠨᠡᠭᠦᠳᠡᠯᠯᠡᠵᠦ ᠮᠠᠯᠵᠢᠬᠤ ᠦᠢᠯᠡᠳᠪᠦᠷᠢᠯᠡᠯ ᠠᠵᠢᠯᠯᠠᠭᠠᠨ ᠤ ᠶᠠᠪᠤᠴᠠ ᠳ᠋ᠤ ᠪᠠᠨ ᠨᠠᠢᠷᠯᠠᠨ ᠨᠠᠭᠠᠳᠬᠤ ᠵᠡᠣᠷᠢᠯᠭ ᠠ ᠪᠡᠷ 《ᠡᠷ ᠡ ᠶᠢᠨ ᠭᠤᠷᠪᠠᠨ ᠨᠠᠭᠠᠲᠤᠮ》 ᠢ ᠡᠭᠦᠳᠦᠨ ᠪᠦᠲᠦᠭᠡᠭᠰᠡᠨ ᠪᠦᠭᠡᠳ 《ᠡᠷ ᠡ ᠶᠢᠨ ᠭᠤᠷᠪᠠᠨ ᠨᠠᠭᠠᠲᠤᠮ ᠤᠨ ᠴᠢᠬᠤᠯᠠ ᠨᠢᠭᠡ ᠲᠦᠷᠦᠯ ᠪᠣᠯᠤᠭᠰᠠᠨ ᠮᠣᠩᠭᠤᠯ ᠪᠦᠬᠡ ᠨᠢ ᠦᠨᠢ ᠤᠳᠠᠭᠠᠨ ᠲᠡᠦᠬᠡᠨ ᠬᠦᠭᠵᠢᠯ ᠤᠨ ᠶᠠᠪᠤᠴᠠ ᠳ᠋ᠤ ᠪᠠᠨ ᠦᠪᠡᠷ ᠤᠨ ᠦᠪᠡᠷᠮᠢᠴᠡ ᠣᠨᠴᠠᠯᠢᠭ ᠢᠢᠡᠨ ᠪᠦᠷᠢᠯᠳᠦᠭᠦᠯᠵᠦ᠂ ᠲᠡᠯᠡᠬᠡᠢ ᠶᠢᠨ ᠤᠯᠠᠨ ᠦᠨᠳᠦᠰᠦᠲᠡᠨ ᠤ ᠲᠤᠮᠳᠠ ᠮᠡᠳᠡᠷᠡᠭᠳᠡᠨ ᠲᠠᠨᠢᠭᠳᠠᠵᠤ ᠪᠠᠢᠭ᠎ᠠ ᠶᠣᠮ᠃ ᠲᠤᠰ ᠦᠭᠦᠯᠡᠯ ᠳ᠋ᠤ ᠮᠣᠩᠭᠤᠯ ᠪᠦᠭᠡ ᠶᠢᠨ ᠡᠭᠦᠰᠦᠯᠲᠡ ᠬᠦᠭᠵᠢᠯᠲᠡ᠂ ᠣᠨᠴᠠᠯᠢᠭ ᠪᠠ ᠬᠦᠭᠵᠢᠯᠲᠡ ᠶᠢᠨ ᠬᠠᠨᠳᠤᠰᠢ ᠵᠡᠷᠭᠡ ᠵᠢ ᠰᠢᠨᠵᠢᠯᠡᠪᠡ᠃. |