题名 |
ᠬᠦᠯᠦᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠤᠷᠤᠨ ᠤ ᠬᠠᠮᠲᠤᠷᠠᠭᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠲᠤᠬᠠᠢ ᠵᠠᠳᠠᠯᠤᠯᠲᠠ |
作者 |
ᠯᠢ ᠯᠢ |
关键词 |
ᠬᠠᠮᠲᠤᠷᠠᠭᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ; ᠪᠤᠢ ᠪᠤᠯᠵᠤ ᠬᠦᠭ᠍ᠵᠢᠬᠦ ᠶᠢᠨ ᠨᠦᠬᠦᠴᠡᠯ; ᠬᠦᠭ᠍ᠵᠢᠯᠲᠡ ᠶᠢᠨ ᠤᠳᠤᠬᠢ ᠪᠠᠶᠢᠳᠠᠯ; ᠠᠰᠠᠭᠤᠳᠠᠯ ᠵᠢᠴᠢ ᠰᠢ᠌ᠪᠦᠷᠢᠯᠡᠬᠦ ᠠᠷᠭ᠎ᠠ |
摘要 |
ᠬᠠᠮᠲᠤᠷᠠᠭᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠪᠤᠯ ᠬᠦᠳᠡᠯᠮᠦᠷᠢᠴᠢᠳ ᠦᠨ ᠳᠤᠮᠳᠠᠬᠢ ᠪᠠᠭᠤᠷᠠᠶᠢᠴᠤᠳ ᠤᠨ ᠦᠪᠡᠷ ᠦᠨ ᠳᠤᠷ᠎ᠠ ᠠᠴᠠ ᠪᠠᠨ ᠬᠠᠮᠲᠤᠷᠠᠨ ᠵᠤᠬᠢᠶᠠᠨ ᠪᠠᠶᠢᠭᠤᠯᠤᠭᠰᠠᠨ᠂ ᠦᠪᠡᠷᠰᠡᠳ ᠲᠡᠭᠡᠨ ᠦᠢᠯᠡᠴᠢᠯᠡᠬᠦ᠂ ᠬᠠᠷᠢᠯᠴᠠᠨ ᠬᠠᠪᠰᠤᠷᠬᠤ᠂ ᠬᠠᠷᠢᠯᠴᠠᠨ ᠠᠰᠢᠭ ᠲᠠᠢ ᠪᠠᠶᠢᠬᠤ᠂ ᠬᠠᠮᠲᠤ ᠶᠢᠨ ᠬᠡᠷᠡᠭᠴᠡᠭᠡ ᠶᠢ ᠬᠠᠩ᠋ᠭᠠᠳᠠᠭ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠮᠦᠨ᠃ ᠡᠭᠦᠨ ᠦ ᠪᠤᠢ ᠪᠤᠯᠵᠤ ᠬᠦᠭ᠍ᠵᠢᠬᠦ ᠨᠢ ᠠᠵᠤ ᠠᠬᠤᠢ ᠶᠢᠨ ᠪᠤᠰᠤᠳᠴᠢ ᠨᠦᠬᠦᠴᠡᠯ ᠳᠦ ᠬᠦᠯᠢᠶᠡᠰᠦᠯᠡᠭᠳᠡᠭ᠃ ᠠᠵᠤ ᠠᠬᠤᠢ ᠶᠢᠨ ᠲᠦᠷᠭᠡᠨ ᠬᠦᠭ᠍ᠵᠢᠯᠲᠡ᠂ ᠵᠠᠬ᠎ᠠ ᠳᠡᠯᠭᠡᠭᠦᠷ ᠦᠨ ᠲᠡᠭᠦᠯᠳᠡᠷᠵᠢᠯᠲᠡ᠂ ᠦᠷᠢᠰᠦᠯᠳᠦᠭᠡᠨ ᠦ ᠬᠤᠷᠴᠠᠳᠬᠤ ᠵᠡᠷᠭᠡ ᠨᠢ ᠬᠠᠮᠲᠤᠷᠠᠭᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠪᠤᠢ ᠪᠤᠯᠵᠤ ᠬᠦᠭ᠍ᠵᠢᠬᠦ ᠶᠢᠨ ᠰᠠᠭᠤᠷᠢ ᠮᠤᠨ᠃ ᠦᠭᠦᠯᠡᠯ ᠳᠦ ᠬᠦᠯᠦᠨ ᠪᠤᠶᠢᠷ ᠬᠤᠲᠠ ᠶᠢᠨ ᠠᠵᠤ ᠠᠬᠤᠢ ᠶᠢᠨ ᠬᠦᠭ᠍ᠵᠢᠯᠲᠡ ᠶᠢᠨ ᠶᠡᠷᠦᠩᠬᠡᠢ ᠬᠠᠨᠳᠤᠰᠢ ᠶᠢ ᠵᠠᠳᠠᠯᠵᠤ᠂ ᠬᠠᠮᠲᠤᠷᠠᠭᠰᠠᠨ ᠵᠤᠬᠢᠶᠠᠨ ᠪᠠᠶᠢᠭᠤᠯᠤᠯᠲᠠ ᠶᠢ ᠠᠵᠤ ᠦᠢᠯᠰᠵᠢᠭᠦᠯᠦᠯᠲᠡ ᠥᠭᠡᠳᠡ ᠬᠦᠭ᠍ᠵᠢᠭᠦᠯᠬᠦ ᠪᠤᠳᠠᠲᠠᠢ ᠠᠷᠭ᠎ᠠ ᠵᠠᠮ ᠢ ᠡᠷᠢᠯᠬᠢᠯᠡᠪᠡ᠃ |
原文 |
查看原文
|
出自 |
内蒙古社会科学(蒙文版)
2006年
第6期
|