题名 |
ᠨᠡᠭᠦᠳᠡᠯ ᠮᠠᠯᠵᠢᠯ ᠤᠨ ᠠᠵᠤ ᠠᠬᠤᠢ ᠶᠢ ᠦᠷᠭᠦᠯᠵᠢ ᠶᠢᠨ ᠴᠢᠨᠠᠷ ᠲᠠᠢ ᠬᠦᠭ᠍ᠵᠢᠭᠦᠯᠬᠦ ᠠᠷᠭ᠎ᠠ ᠵᠠᠮ ᠤᠨ ᠲᠤᠬᠠᠢ |
作者 |
ᠸᠠᠩ ᠹᠦ᠋ ᠴᠢᠶᠠᠩ |
关键词 |
ᠨᠡᠭᠦᠳᠡᠯ ᠮᠠᠯᠵᠢᠯ ᠤᠨ ᠠᠵᠤ ᠠᠬᠤᠢ; ᠦᠷᠭᠦᠯᠵᠢ ᠶᠢᠨ ᠴᠢᠨᠠᠷ ᠲᠠᠢ ᠬᠦᠭ᠍ᠵᠢᠭᠦᠯᠬᠦ; ᠠᠷᠭ᠎ᠠ ᠵᠠᠮ |
摘要 |
ᠦᠪᠦᠷ ᠮᠤᠩᠭ᠋ᠤᠯ ᠤᠨ ᠮᠠᠯᠵᠢᠬᠤ ᠤᠷᠤᠨ ᠤ ᠬᠦᠭ᠍ᠵᠢᠯᠳᠡ ᠶᠢᠨ ᠶᠠᠪᠤᠴᠠ ᠳᠤ ᠮᠠᠯ ᠠᠵᠤ ᠠᠬᠤᠢ ᠨᠢ ᠲᠤᠩ ᠴᠢᠬᠤᠯᠠ ᠰᠠᠭᠤᠷᠢ ᠪᠤᠯᠤᠭᠰᠠᠭᠠᠷ ᠢᠷᠡᠭᠰᠡᠨ ᠶᠤᠮ᠃ ᠡᠭᠦᠨ ᠳᠤ ᠤᠷᠳᠤ ᠬᠤᠭᠤᠴᠠᠭᠠᠨ ᠤ ᠲᠤᠷᠰᠢᠬᠢ ᠪᠠᠢ᠌ᠭᠠᠯᠢ ᠶᠢᠨ ᠰᠢᠯᠳᠠᠭᠠᠨ ᠪᠤᠯᠤᠨ ᠵᠤᠬᠢᠰ ᠦᠭᠡᠢ ᠡᠵᠡᠩᠨᠡᠯᠳᠡ ᠶᠢᠨ ᠨᠦᠯᠦᠭᠡ ᠡᠴᠡ ᠪᠤᠯᠵᠤ᠂ ᠪᠡᠯᠴᠢᠭᠡᠷ ᠤᠨ ᠲᠠᠯᠠᠪᠠᠢ ᠪᠠᠭᠠᠰᠤᠨ᠂ ᠲᠠᠴᠢᠷᠳᠠᠨ ᠮᠠᠭᠤᠳᠠᠯᠵᠤ᠂ ᠪᠠᠢ᠌ᠭᠠᠯᠢ ᠶᠢᠨ ᠭᠠᠮᠰᠢᠭ ᠨᠢ ᠨᠡᠭᠦᠳᠡᠯ ᠮᠠᠯᠵᠢᠯ ᠤᠨ ᠠᠵᠤ ᠠᠬᠤᠢ ᠶᠢᠨ ᠲᠦᠷᠭᠡᠨ ᠪᠦᠭᠡᠳ ᠡᠷᠡᠭᠦᠯ ᠴᠢᠬᠢᠷᠠᠭ ᠬᠦᠭ᠍ᠵᠢᠯᠳᠡ ᠶᠢ ᠰᠢᠭᠤᠳ ᠨᠦᠯᠦᠭᠡᠯᠡᠭᠰᠡᠨ ᠪᠠᠢ᠌ᠨ᠎ᠠ᠃ ᠡᠢ᠌ᠮᠤ ᠡᠴᠡ ᠬᠡᠷᠭᠢᠨ ᠨᠤᠳᠤᠭ ᠪᠡᠯᠴᠢᠭᠡᠷ ᠤᠨ ᠡᠬᠢ ᠪᠠᠶᠠᠯᠢᠭ ᠢ ᠰᠡᠷᠭᠦᠭᠡᠬᠦ ᠪᠠ ᠬᠠᠮᠠᠭᠠᠯᠠᠨ᠂ ᠨᠤᠳᠤᠭ ᠪᠡᠯᠴᠢᠭᠡᠷ ᠤᠨ ᠲᠠᠴᠢᠷᠳᠠᠯ ᠤᠨ ᠠᠰᠠᠭᠤᠳᠠᠯ ᠢ ᠰᠢᠢᠳᠪᠦᠷᠢᠯᠡᠵᠦ᠂ ᠬᠡᠷᠬᠢᠨ ᠠᠵᠤ ᠠᠬᠤᠢ᠂ ᠨᠡᠢ᠌ᠭᠡᠮ ᠬᠢᠭᠡᠳ ᠬᠦᠮᠦᠨ᠂ ᠪᠠᠢ᠌ᠭᠠᠯᠢ ᠶᠢ ᠡᠶ᠎ᠡ ᠵᠤᠬᠢᠴᠠᠩᠭ᠋ᠤᠢ ᠪᠠᠢ᠌ᠯᠭᠠᠵᠤ᠂ ᠡᠭᠦᠨ ᠶᠢᠡᠷ ᠲᠠᠮᠵᠢᠭᠤᠯᠤᠨ ᠦᠪᠦᠷ ᠮᠤᠩᠭ᠋ᠤᠯ ᠤᠨ ᠰᠠᠭᠤᠷᠢ ᠵᠠᠤ ᠦᠢᠯᠡᠰ ᠪᠤᠯᠤᠨ ᠲᠠᠪᠠᠭᠤᠯᠢᠭ ᠠᠵᠤ ᠦᠢᠯᠡᠰ ᠪᠤᠯᠬᠤ ᠪᠡᠯᠴᠢᠭᠡᠷ ᠤᠨ ᠮᠠᠯ ᠠᠵᠤ ᠠᠬᠤᠢ ᠶᠢ ᠦᠷᠭᠦᠯᠵᠢ ᠶᠢᠨ ᠴᠢᠨᠠᠷ ᠲᠠᠢ ᠬᠦᠭ᠍ᠵᠢᠭᠦᠯᠬᠦ ᠨᠢ ᠤᠳᠤᠬᠠᠨ ᠤ ᠰᠢᠢᠳᠪᠦᠷᠢᠯᠡᠭᠦᠰᠢᠳᠡᠢ ᠴᠢᠬᠤᠯᠠ ᠠᠰᠠᠭᠤᠳᠠᠯ ᠪᠤᠯᠤᠨ᠎ᠠ᠃ |
原文 |
查看原文
|
出自 |
中国蒙古学
2015年
第6期
|