题名 |
ᠳᠡᠭᠡᠳᠦ ᠰᠤᠷᠭᠠᠭᠤᠯᠢ ᠶᠢᠨ ᠪᠡᠶ᠎ᠡ ᠲᠠᠮᠢᠷ ᠤᠨ ᠬᠢᠴᠢᠶᠡᠯ ᠦᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠳᠡᠭᠡᠭ᠍ᠰᠢᠯᠡᠭᠦᠯᠬᠦ ᠲᠤᠬᠠᠢ |
作者 |
ᠪᠤᠤ ᠵᠢᠨ ᠬᠠᠢ |
关键词 |
ᠪᠡᠶ᠎ᠡ ᠲᠠᠮᠢᠷ ᠤᠨ ᠬᠢᠴᠢᠶᠡᠯ; ᠵᠢᠭᠠᠬᠤ ᠠᠷᠭ᠎ᠠ; ᠦᠷ᠎ᠡ ᠪᠦᠲᠦᠮᠵᠢ; ᠳᠡᠭᠡᠭ᠍ᠰᠢᠯᠡᠭᠦᠯᠬᠦ |
摘要 |
ᠬᠢᠴᠢᠶᠡᠯ ᠦᠨ ᠲᠠᠩᠬᠢᠮ ᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠳᠡᠭᠡᠭ᠍ᠰᠢᠯᠡᠭᠦᠯᠬᠦ ᠪᠤᠯ ᠤᠳᠤᠬᠠᠨ ᠤ ᠶᠡᠬᠡ ᠳᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠦᠨ ᠶᠠᠰᠤ ᠴᠨᠠᠷ ᠢ ᠦᠨᠳᠦᠷᠵᠢᠭᠦᠯᠬᠦ ᠶᠢᠨ ᠴᠢᠬᠤᠯᠠ ᠠᠭᠤᠯᠭ᠎ᠠ ᠶᠢᠨ ᠨᠢᠭᠡ ᠪᠤᠯᠤᠨ᠎ᠠ᠃ ᠭᠡᠬᠦ ᠳᠦ ᠪᠡᠨ ᠵᠢᠭᠠᠬᠤ ᠠᠷᠭ᠎ᠠ ᠶᠢᠨ ᠠᠰᠠᠭᠤᠳᠠᠯ ᠪᠤᠯ ᠬᠢᠴᠢᠶᠡᠯᠯᠡᠭᠡ ᠶᠢᠨ ᠦᠷ᠎ᠡ ᠪᠦᠲᠦᠮᠵᠢ ᠶᠢ ᠳᠡᠭᠡᠭ᠍ᠰᠢᠯᠡᠭᠦᠯᠬᠦ ᠶᠢᠨ ᠵᠠᠩᠭᠢᠯᠠᠭ᠎ᠠ ᠪᠤᠯᠤᠨ᠎ᠠ᠃ ᠵᠤᠬᠢᠶᠠᠯ ᠳᠤ᠂ ᠪᠡᠶ᠎ᠡ ᠲᠠᠮᠢᠷ ᠤᠨ ᠬᠢᠴᠢᠶᠡᠯᠯᠡᠭᠡ ᠳᠦ ᠰᠤᠷᠤᠭᠴᠢᠳ ᠤᠨ ᠤᠷᠮ᠎ᠠ ᠪᠠᠬ᠎ᠠ ᠶᠢ ᠬᠦᠭ᠍ᠵᠢᠭᠦᠯᠬᠦ᠂ ᠰᠡᠩᠬᠡᠷᠡᠭᠦᠯᠬᠦ ᠮᠠᠶᠢᠭ ᠤᠨ ᠵᠢᠭᠠᠬᠤ ᠠᠷᠭ᠎ᠠ ᠶᠢ ᠬᠡᠷᠡᠭᠵᠢᠭᠦᠯᠬᠦ᠂ ᠰᠤᠷᠤᠭᠴᠢᠳ ᠤᠨ ᠪᠦᠲᠦᠭᠡᠯᠴᠢ ᠰᠡᠳᠬᠢᠭᠦᠢ ᠶᠢ ᠬᠦᠮᠦᠵᠢᠭᠦᠯᠬᠦ᠂ ᠬᠢᠴᠢᠶᠡᠯ ᠦᠨ ᠪᠠᠭᠰᠢ ᠨᠠᠷ ᠤᠤᠷ ᠴᠢᠨᠠᠷ ᠢᠶᠠᠨ ᠳᠡᠭᠡᠭ᠍ᠰᠢᠯᠡᠭᠦᠯᠬᠦ ᠶᠢ ᠴᠢᠩ᠋ᠭᠠᠳᠬᠠᠬᠤ᠂ ᠬᠢᠴᠢᠶᠡᠯ ᠦᠨ ᠪᠠᠭᠰᠢ ᠨᠠᠷ ᠬᠢᠴᠢᠶᠡᠯᠯᠡᠭᠡ ᠶᠢᠨ ᠬᠡᠯᠡ ᠶᠠᠷᠢᠶᠠᠨ ᠤ ᠤᠷ᠎ᠠ ᠳᠡᠮ ᠢ ᠡᠷᠬᠢᠮᠯᠡᠬᠦ ᠶᠢ ᠬᠦᠨᠳᠦᠳᠭᠡᠬᠦ ᠵᠡᠷᠭᠡ ᠬᠡᠳᠦᠨ ᠲᠠᠯ᠎ᠠ ᠶᠢᠨ ᠵᠢᠭᠠᠬᠤ ᠠᠷᠭ᠎ᠠ ᠶᠢ ᠬᠡᠷᠡᠭᠯᠡᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠪᠡᠨ ᠳᠡᠭᠡᠭ᠍ᠰᠢᠯᠡᠭᠦᠯᠦᠭᠰᠡᠨ ᠲᠤᠬᠠᠢ ᠦᠭᠦᠯᠡᠭᠰᠡᠨ ᠪᠠᠢ᠌ᠨ᠎ᠠ᠃ |
原文 |
查看原文
|
出自 |
内蒙古民族大学学报(自然科学)
2014年
第1期
|