题名 |
ᠲᠣᠷᠰᠢᠯᠲᠠ ᠵᠢᠨ ᠵᠢᠭᠠᠨ ᠰᠤᠷᠭᠠᠯᠲᠠ ᠪᠡᠨ ᠴᠢᠩᠭ᠋ᠠᠳᠭᠠᠵᠤ᠂ ᠬᠢᠮᠢ ᠵᠢᠨ ᠬᠢᠴᠢᠶᠡᠯ ᠤᠨ ᠦᠭᠡᠷᠡᠴᠢᠯᠡᠯᠲᠡ ᠵᠢ ᠠᠬᠢᠭᠤᠯᠬᠤ ᠲᠣᠬᠠᠢ |
作者 |
ᠲᠡᠭᠰᠢᠪᠠᠶᠠᠷ |
关键词 |
ᠬᠢᠮᠢ ᠵᠢᠨ ᠬᠢᠴᠢᠶᠡᠯ; ᠲᠣᠷᠰᠢᠯᠲᠠ; ᠦᠭᠡᠷᠡᠴᠢᠯᠡᠯᠲᠡ |
摘要 |
ᠲᠣᠷᠰᠢᠯᠲᠠ ᠵᠢᠨ ᠵᠢᠭᠠᠨ ᠰᠤᠷᠭᠠᠯᠲᠠ ᠵᠢ ᠴᠢᠩᠭ᠋ᠠᠳᠭᠠᠵᠤ᠂ ᠬᠢᠮᠢ ᠵᠢᠨ ᠬᠢᠴᠢᠶᠡᠯ ᠤᠨ ᠦᠭᠡᠷᠡᠴᠢᠯᠡᠯᠲᠡ ᠵᠢ ᠠᠬᠢᠭᠤᠯᠬᠤ ᠵᠢᠨ ᠲᠦᠯᠦᠭᠡ᠂ ᠵᠣᠬᠢᠶᠠᠯ ᠳᠤ ᠰᠢᠨᠵᠢᠯᠡᠬᠦ ᠴᠢᠨᠠᠷ ᠲᠠᠢ ᠲᠣᠷᠰᠢᠯᠲᠠ ᠪᠡᠷ ᠰᠢᠪᠲᠤᠯᠤᠯᠲᠠ ᠪᠣᠯᠭᠠᠵᠤ᠂ ᠨᠠᠰᠤᠨ ᠲᠣᠷᠰᠢᠲᠠ ᠵᠢᠨ ᠰᠤᠷᠤᠯᠴᠠᠬᠤ ᠴᠢᠳᠠᠪᠤᠷᠢ ᠵᠢ ᠬᠦᠮᠦᠵᠢᠭᠦᠯᠬᠦ; ᠣᠯᠠᠨ ᠬᠡᠯᠪᠡᠷᠢ ᠵᠢᠨ ᠲᠣᠷᠰᠢᠯᠲᠠ ᠪᠡᠷ ᠦᠷᠭᠡᠳᠭᠡᠬᠦ ᠲᠠᠯ ᠠ ᠪᠣᠯᠭᠠᠵᠤ᠂ ᠬᠢᠮᠢ ᠰᠤᠷᠤᠯᠴᠠᠬᠤ ᠵᠢᠨ ᠬᠦᠳᠡᠯᠭᠡᠭ᠍ᠴᠢ ᠬᠦᠴᠦᠨ ᠢ ᠰᠡᠷᠡᠵᠦ ᠮᠡᠳᠡᠬᠦ; ᠪᠠᠭ᠋ ᠠ ᠬᠡᠯᠪᠡᠷᠢ ᠵᠢᠨ ᠲᠣᠷᠰᠢᠯᠲᠠ ᠪᠡᠷ ᠲᠣᠷᠰᠢᠬᠤ ᠴᠡᠭ ᠪᠣᠯᠭᠠᠵᠤ᠂ ᠪᠣᠬᠢᠷᠳᠤᠯ ᠦᠭᠡᠢ ᠬᠢᠮᠢ ᠵᠢᠨ ᠰᠣᠨᠢᠷᠬᠠᠯ ᠢ ᠤᠬᠠᠬᠤ ᠵᠡᠷᠭᠡ ᠠᠷᠭ᠋ ᠠ ᠪᠠᠷᠢᠯ ᠢ ᠬᠡᠷᠡᠭᠯᠡᠬᠦ ᠪᠡᠷ ᠳᠠᠮᠵᠢᠵᠤ᠂ ᠰᠤᠷᠤᠭᠴᠢᠳ ᠤᠨ ᠬᠢᠮᠢ ᠰᠤᠷᠤᠯᠴᠠᠬᠤ ᠤᠷᠮ ᠠ ᠪᠠᠬ ᠠ ᠵᠢ ᠳᠡᠭᠡᠭ᠍ᠰᠢᠯᠡᠭᠦᠯᠵᠦ᠂ ᠪᠠᠶᠠᠰᠤᠩᠭ᠋ᠤᠢ ᠣᠪᠤᠷ ᠵᠢᠡᠷ ᠢᠳᠡᠪᠬᠢᠲᠡᠢ ᠰᠤᠷᠤᠯᠴᠠᠭᠤᠯᠬᠤ᠂ ᠰᠢᠨ᠌ ᠡ ᠵᠢ ᠡᠭᠦᠳᠬᠦ ᠵᠣᠷᠢᠭ ᠰᠠᠨᠠᠭ᠋ ᠠ ᠪᠠᠳᠤᠳᠭᠠᠵᠤ᠂ ᠦᠪᠡᠷ ᠵᠢᠡᠨ ᠬᠢᠵᠦ ᠣᠷᠤᠯᠳᠤᠨ ᠪᠡᠶ ᠡ ᠪᠡᠨ ᠳᠠᠭᠠᠭᠠᠵᠤ ᠮᠡᠳᠡᠯᠭᠡ ᠪᠠ ᠮᠡᠷᠭᠡᠵᠢᠯ ᠢ ᠬᠤᠷᠠᠮᠳᠤᠭᠤᠯᠬᠤ ᠴᠢᠳᠠᠪᠤᠷᠢ ᠵᠢ ᠬᠦᠮᠦᠵᠢᠭᠦᠯᠵᠦ᠂ ᠲᠣᠷᠰᠢᠯᠲᠠ ᠵᠢᠨ ᠦᠵᠡᠭᠳᠡᠯ ᠢ ᠠᠵᠢᠭᠯᠠᠵᠤ ᠰᠢᠨᠵᠢᠯᠡᠬᠦ ᠴᠢᠳᠠᠪᠤᠷᠢ ᠵᠢ ᠪᠣᠯᠪᠠᠰᠤᠷᠠᠭᠤᠯᠵᠤ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭ᠍ᠰᠢᠯᠡᠬᠦᠯᠬᠦ ᠵᠢ ᠵᠣᠷᠢᠪᠠ᠃ |
原文 |
查看原文
|
出自 |
内蒙古民族大学学报(自然科学)
2006年
第2期
|