题名 |
ᠬᠢᠲᠠᠳ ᠡᠮ ᠦᠨ ᠪᠠᠷᠢᠮᠵᠢᠶᠠᠯᠠᠯᠲᠠ ᠶᠢᠨ ᠰᠤᠳᠤᠯᠭᠠᠨ ᠤ ᠲᠤᠢᠮᠤ |
作者 |
ᠪᠤᠤ ᠬᠦᠬᠡᠮᠦ᠋ᠴᠢᠷ; ᠯᠢ ᠶᠢᠩ ᠬᠤᠤ |
关键词 |
ᠬᠢᠲᠠᠳ ᠡᠮ; ᠬᠢᠲᠠᠳ ᠡᠮ ᠦᠨ ᠪᠠᠷᠢᠮᠵᠢᠶᠠᠯᠠᠯᠲᠠ; ᠰᠤᠳᠤᠯᠭᠠᠨ ᠤ ᠣᠳᠣᠬᠢ ᠪᠠᠢ᠌ᠳᠠᠯ |
摘要 |
ᠬᠢᠲᠠᠳ ᠡᠮ ᠦᠨ ᠪᠠᠷᠢᠮᠵᠢᠶᠠᠯᠠᠯᠲᠠ ᠪᠤᠯ ᠬᠢᠲᠠᠳ ᠡᠮ ᠦᠨ ᠣᠳᠣᠬᠢᠴᠢᠯᠠᠯᠲᠠ᠂ ᠳᠡᠯᠬᠡᠢ᠌ᠴᠢᠯᠡᠯᠲᠡ ᠶᠢ ᠪᠡᠶᠡᠯᠡᠭᠦᠯᠬᠦ ᠦᠨᠳᠦᠰᠦᠨ ᠨᠦᠬᠦᠴᠡᠯ ᠮᠦᠨ᠃ ᠡᠢ᠌ᠮᠦ ᠡᠴᠡ᠂ ᠤᠯᠤᠰ ᠠᠴᠠ ᠡᠮ ᠦᠨ ᠵᠤᠢ᠌ᠯ ᠢ ᠬᠠᠮᠢᠶᠠᠷᠬᠤ ᠬᠠᠤᠯᠢ ᠳᠦᠷᠢᠮ ᠢ ᠲᠤᠭᠲᠠᠭᠠᠨ᠂ ᠡᠮ ᠦᠨ ᠪᠠᠷᠢᠮᠵᠢᠶ᠎ᠠ ᠲᠤᠯᠢ ᠶᠢ ᠨᠠᠢ᠌ᠷᠠᠭᠤᠯᠵᠤ᠂ ᠬᠢᠲᠠᠳ ᠡᠮ ᠦᠨ ᠪᠠᠷᠢᠮᠵᠢᠶᠠᠯᠠᠯᠲᠠ ᠶᠢᠨ ᠠᠵᠢᠯ ᠢ ᠨᠢᠭᠡᠲᠦᠯᠲᠡᠢ ᠵᠢᠯᠤᠭᠤᠳᠬᠤ ᠪᠤᠯᠤᠭᠰᠠᠨ ᠪᠠᠢ᠌ᠨ᠎ᠠ᠃ ᠬᠢᠲᠠᠳ ᠡᠮ ᠦᠨ ᠤᠬᠠᠭᠠᠨᠲᠠᠨ᠂ ᠡᠮ ᠦᠨ ᠮᠡᠷᠭᠡᠵᠢᠯᠲᠡᠨ ᠨᠠᠷ ᠠᠴᠠ ᠬᠢᠲᠠᠳ ᠡᠮ ᠦᠨ ᠪᠠᠷᠢᠮᠵᠢᠶᠠᠯᠠᠯᠲᠠ ᠶᠢᠨ ᠲᠤᠬᠠᠢ ᠰᠤᠳᠤᠯᠭᠠᠨ ᠢᠶᠠᠨ ᠠᠯᠢ ᠬᠡᠳᠦᠢ᠌ᠨ ᠡᠴᠡ ᠦᠷᠨᠢᠭᠦᠯᠵᠦ᠂ ᠣᠯᠠᠨ ᠵᠤᠢ᠌ᠯ ᠤᠨ ᠰᠢᠨ᠎ᠡ ᠠᠷᠭ᠎ᠠ᠂ ᠰᠢᠨ᠎ᠡ ᠮᠡᠷᠭᠡᠵᠢᠯ ᠢᠶᠡᠷ ᠲᠤᠷᠰᠢᠨ ᠰᠤᠳᠤᠯᠭᠠᠨ ᠬᠢᠵᠦ᠂ ᠬᠢᠲᠠᠳ ᠡᠮ ᠦᠨ ᠮᠠᠲ᠋ᠧᠷᠢᠶᠠᠯ᠂ ᠭᠡᠷᠴᠢᠮᠡᠯ ᠢ ᠪᠤᠯᠪᠠᠰᠤᠷᠠᠭᠤᠯᠬᠤ᠂ ᠪᠡᠯᠡᠨ ᠡᠮ ᠦᠢᠯᠡᠳᠪᠦᠷᠢᠯᠡᠬᠦ ᠠᠵᠢᠯ ᠤᠨ ᠡᠯ᠎ᠡ ᠶᠠᠪᠤᠴᠠ ᠶᠢ ᠪᠠᠷᠢᠮᠵᠢᠶᠠᠯᠠᠨ ᠳᠦᠷᠢᠮᠵᠢᠭᠦᠯᠵᠦ ᠪᠠᠢ᠌ᠨ᠎ᠠ᠃ ᠵᠤᠬᠢᠶᠠᠯ ᠳᠤ᠂ ᠮᠠᠨ ᠤ ᠤᠯᠤᠰ ᠤᠨ ᠬᠢᠲᠠᠳ ᠡᠮ ᠦᠨ ᠦᠢᠯᠡᠰ ᠵᠢᠴᠢ ᠳᠡᠯᠡᠬᠡᠢ ᠶᠢᠨ ᠬᠢᠲᠠᠳ ᠡᠮ ᠦᠨ ᠵᠠᠬ᠎ᠠ ᠳᠡᠯᠭᠡᠭᠦᠷ ᠦᠨ ᠬᠦᠭ᠍ᠵᠢᠯᠲᠡ ᠶᠢᠨ ᠪᠠᠢ᠌ᠳᠠᠯ᠂ ᠮᠠᠨ ᠤ ᠤᠯᠤᠰ ᠤᠨ ᠬᠢᠲᠠᠳ ᠡᠮ ᠦᠨ ᠪᠠᠷᠢᠮᠵᠢᠶᠠᠯᠠᠯᠲᠠ ᠳᠤ ᠣᠷᠤᠰᠢᠵᠤ ᠪᠠᠢ᠌ᠭ᠎ᠠ ᠠᠰᠠᠭᠤᠳᠠᠯ ᠤᠳ ᠢ ᠳᠤᠷᠠᠳᠤᠨ᠂ ᠬᠢᠲᠠᠳ ᠡᠮ ᠢ ᠪᠠᠷᠢᠮᠵᠢᠶᠠᠯᠠᠨ ᠰᠤᠳᠤᠯᠬᠤ ᠪᠠ ᠳᠦᠷᠢᠮᠵᠢᠭᠦᠯᠦᠨ ᠦᠢᠯᠡᠳᠪᠦᠷᠢᠯᠡᠬᠦ ᠠᠴᠢ ᠬᠤᠯᠪᠤᠭᠳᠠᠯ ᠢ ᠦᠭᠦᠯᠡᠭᠡᠳ᠂ ᠰᠢᠨᠵᠢᠯᠡᠬᠦ ᠤᠬᠠᠭᠠᠨ ᠮᠡᠷᠭᠡᠵᠢᠯ ᠳᠦ ᠲᠦᠰᠢᠭᠯᠡᠨ᠂ ᠰᠢᠨ᠎ᠡ ᠤᠷᠠᠯᠠᠯ᠂ ᠰᠢᠨ᠎ᠡ ᠮᠡᠷᠭᠡᠵᠢᠯ ᠦᠨ ᠬᠡᠷᠡᠭᠯᠡᠭᠡᠨ ᠦ ᠰᠤᠳᠤᠯᠭᠠᠨ ᠢ ᠲᠦᠷᠭᠡᠳᠭᠡᠵᠦ᠂ ᠳᠡᠭᠡᠳᠦ ᠰᠢᠨ᠎ᠡ ᠮᠡᠷᠭᠡᠵᠢᠯ ᠢ ᠬᠡᠷᠡᠭᠯᠡᠨ᠂ ᠬᠢᠲᠠᠳ ᠡᠮ ᠦᠨ ᠦᠢᠯᠡᠳᠭᠦᠨ ᠦ ᠵᠠᠬ᠎ᠠ ᠳᠡᠯᠭᠡᠭᠦᠷ ᠦᠨ ᠦᠷᠢᠰᠦᠯᠳᠦᠭᠡᠨ ᠦ ᠬᠦᠴᠦᠨ ᠢ ᠳᠡᠭᠡᠭ᠍ᠰᠢᠯᠡᠭᠦᠯᠬᠦ ᠨᠢ ᠬᠢᠲᠠᠳ ᠡᠮ ᠦᠨ ᠳᠡᠯᠬᠡᠢ᠌ᠴᠢᠯᠡᠯᠲᠡ ᠪᠡ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠵᠠᠩᠭᠢᠯᠠᠭ᠎ᠠ ᠪᠤᠯᠬᠤ ᠲᠤᠬᠠᠢ ᠦᠭᠦᠯᠡᠭᠰᠡᠨ ᠪᠠᠢ᠌ᠨ᠎ᠠ᠃ |
原文 |
查看原文
|
出自 |
内蒙古民族大学学报(自然科学)
2011年
第2期
|