摘要 |
ᠣᠷᠴᠢᠨ ᠦᠶ᠎ᠡ ᠶᠢᠨ ᠮᠣᠩᠭᠤᠯ ᠤᠷᠠᠨ ᠵᠤᠬᠢᠶᠠᠯ ᠤᠨ ᠰᠤᠩᠭᠤᠳᠠᠭᠵᠢᠯ ᠤᠨ ᠠᠰᠠᠭᠤᠳᠠᠯ ᠪᠤᠯ ᠤᠤᠯ ᠱᠠᠲᠤᠨ ᠤ ᠤᠷᠠᠨ ᠵᠤᠬᠢᠶᠠᠯ ᠤᠨ ᠶᠡᠷᠦᠩᠬᠡᠢ ᠳ᠋ᠦᠩᠨᠡᠯᠲᠡ ᠶᠢᠨ ᠴᠢᠨᠠᠷᠲᠠᠢ ᠴᠢᠬᠤᠯᠠ ᠰᠡᠳᠦᠪ ᠪᠤᠯᠬᠤ ᠶᠤᠮ᠃ ᠤᠷᠠᠨ ᠵᠤᠬᠢᠶᠠᠯ ᠤᠨ ᠦᠵᠡᠯ ᠤᠬᠠᠮᠰᠠᠷ ᠤᠨ ᠬᠡᠯᠪᠡᠷᠢᠰᠢᠯ ᠦᠨ ᠴᠢᠩᠭᠠᠷᠠᠯ᠂ ᠰᠤᠷᠭᠠᠨ ᠬᠦᠮᠦᠵᠢᠯ ᠦᠨ ᠠᠵᠢᠯᠯᠠᠭ᠎ᠠ ᠬᠢᠭᠡᠳ ᠬᠢᠴᠢᠶᠡᠯ ᠦᠨ ᠪᠢᠴᠢᠭ ᠦᠨ ᠦᠢᠯᠡᠳᠦᠯ᠂ ᠣᠷᠴᠢᠨ ᠦᠶ᠎ᠡ ᠶᠢᠨ ᠣᠯᠠᠨ ᠨᠡᠢᠲᠡ ᠶᠢᠨ ᠮᠡᠳᠡᠭᠡ ᠵᠠᠭᠤᠴᠢᠯᠠᠭᠤᠷ ᠤᠨ ᠬᠦᠴᠦᠨ᠂ ᠤᠩᠰᠢᠨ ᠰᠢᠭᠦᠮᠵᠢᠯᠡᠵᠦ ᠰᠤᠳᠤᠯᠤᠨ ᠲᠠᠢᠯᠪᠤᠷᠢᠯᠠᠬᠤ ᠠᠵᠢᠯᠯᠠᠭ᠎ᠠ ᠶᠢᠨ ᠨᠦᠯᠦᠭᠡᠯᠡᠯ᠂ ᠵᠤᠬᠢᠶᠠᠨ ᠪᠦᠲᠦᠭᠡᠯᠭᠡ ᠶᠢ ᠬᠦᠭᠵᠢᠭᠡᠨ ᠱᠠᠩᠨᠠᠬᠤ ᠠᠵᠢᠯᠯᠠᠭ᠎ᠠ ᠶᠢᠨ ᠬᠦᠬᠢᠭᠦᠯᠦᠯ ᠵᠡᠷᠭᠡ ᠲᠠᠪᠤᠨ ᠲᠠᠯ᠎ᠠ ᠠᠴᠠ ᠣᠷᠴᠢᠨ ᠦᠶ᠎ᠡ ᠶᠢᠨ ᠤᠷᠠᠨ ᠵᠤᠬᠢᠶᠠᠯ ᠤᠨ ᠰᠤᠩᠭᠤᠳᠠᠭᠵᠢᠯ ᠤᠨ ᠠᠷᠭ᠎ᠠ ᠬᠡᠯᠪᠡᠷᠢ ᠬᠢᠭᠡᠳ ᠵᠠᠮ ᠮᠦᠷ ᠢ ᠦᠭᠦᠯᠡᠨ ᠶᠠᠷᠢᠵᠤ ᠪᠤᠯᠤᠨ᠎ᠠ᠃ |