论文信息


题名 ᠣᠢ᠌ᠷ᠎ᠠ ᠦᠶ᠎ᠡ ᠳᠡᠬᠢ ᠮᠣᠩᠭ᠋ᠤᠯ ᠤᠨ ᠵᠠᠷᠢᠮ ᠰᠡᠭᠡᠭᠡᠷᠡᠭᠰᠡᠨ ᠹᠧᠤᠳᠠᠯ ᠡᠵᠡᠳ ᠦᠨ ᠰᠢᠨᠡᠴᠢᠯᠡᠬᠦ ᠬᠦᠳᠡᠯᠭᠡᠭᠡᠨ ᠬᠢᠭᠡᠳ ᠰᠢᠨᠡᠴᠢᠯᠡᠬᠦ ᠦᠵᠡᠯ ᠰᠠᠨᠠᠭᠠᠨ ᠤ ᠲᠤᠬᠠᠢ
作者 ᠬᠡ‍ · ᠠᠯᠲᠠᠬᠠᠭᠤᠯᠠ
关键词
摘要 ᠭᠦᠩᠰᠡᠩᠨᠤᠷᠪᠤ ᠵᠡᠷᠭᠡ ᠣᠢ᠌ᠷ᠎ᠠ ᠦᠶ᠎ᠡ ᠶᠢᠨ ᠨᠢᠭᠡ ᠪᠦᠯᠦᠭ ᠮᠣᠩᠭ᠋ᠤᠯ ᠤᠨ ᠰᠡᠭᠡᠭᠡᠷᠡᠭᠰᠡᠨ ᠹᠧᠤᠳᠠᠯ ᠡᠵᠡᠳ ᠡᠴᠡ ᠴᠢᠩ ᠤᠯᠤᠰ ᠤᠨ ᠵᠠᠰᠠᠭ ᠤᠨ ᠭᠠᠵᠠᠷ ᠲᠤ 《ᠠᠢ᠌ᠯᠠᠳᠬᠠᠯ》 ᠡᠷᠭᠦᠵᠦ᠂ ᠳᠡᠯᠡᠬᠡᠢ ᠶᠢᠨ ᠬᠦᠷᠦᠩᠭᠡᠲᠡᠨ ᠤᠯᠤᠰ ᠤᠨ ᠰᠢᠨᠡᠴᠢᠯᠡᠯᠲᠡ ᠬᠢᠭ᠍ᠰᠡᠨ ᠠᠷᠭ᠎ᠠ ᠪᠠᠷᠢᠯ ᠢᠶᠠᠷ ᠬᠤᠰᠢᠭᠤᠨ ᠵᠠᠰᠠᠭ ᠢᠶᠠᠨ ᠰᠢᠨᠡᠴᠢᠯᠡᠵᠦ᠂ ᠦᠢᠯᠡᠳᠪᠦᠷᠢ ᠠᠭᠤᠷᠬᠠᠢ᠂ ᠠᠷᠠᠯᠵᠢᠶ᠎ᠠ ᠬᠤᠳᠠᠯᠳᠤᠭ᠎ᠠ᠂ ᠰᠤᠷᠭᠠᠭᠤᠯᠢ ᠲᠠᠩᠬᠢᠮ᠂ ᠰᠤᠨᠢᠨ ᠰᠡᠳᠭᠦᠯ᠂ ᠰᠢᠤᠳᠠᠨ ᠲᠤᠪᠴᠢᠶ᠎ᠠ ᠮᠡᠲᠦ ᠰᠢᠨ᠎ᠡ ᠮᠠᠶ‍ᠢᠭ ᠤᠨ ᠠᠵᠤ ᠠᠬᠤᠢ᠌ᠯᠠᠯ ᠢ ᠡᠷᠬᠢᠯᠡᠵᠦ᠂ ᠪᠠᠭᠤᠷᠠᠢ ᠮᠣᠩᠭ᠋ᠤᠯ ᠦᠨᠳᠦᠰᠦᠲᠡᠨ ᠢᠶᠡᠨ ᠲᠡᠩᠬᠡᠷᠡᠭᠦᠯᠵᠦ ᠬᠦᠴᠦᠷᠬᠡᠭ᠍ᠵᠢᠭᠦᠯᠦᠨ ᠮᠠᠨᠳᠤᠭᠤᠯᠬᠤ ᠪᠠᠷ ᠰᠢᠨᠡᠴᠢᠯᠡᠯᠲᠡ ᠶᠢᠨ ᠬᠦᠳᠡᠯᠭᠡᠭᠡᠨ ᠦᠷᠨᠢᠭᠦᠯᠪᠡ᠃ ᠲᠡᠭᠡᠭᠡᠳ ᠦᠪᠡᠷᠰᠡᠳ ᠦᠨ ᠰᠢᠨ᠎ᠡ ᠵᠠᠰᠠᠭ ᠶᠠᠪᠤᠭᠤᠯᠬᠤ᠂ ᠣᠢ᠌ᠷ᠎ᠠ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ᠌ ᠮᠡᠷᠭᠡᠵᠢᠯ ᠢ ᠰᠤᠷᠲᠠᠯᠴᠢᠯᠠᠬᠤ᠂ ᠠᠵᠤ ᠠᠮᠢᠳᠤᠷᠠᠯ ᠢᠶᠠᠨ ᠰᠠᠢ᠌ᠵᠢᠷᠠᠭᠤᠯᠬᠤ ᠪᠠ ᠪᠢᠴᠢᠭ᠌ ᠴᠡᠷᠢᠭ ᠦᠨ ᠡᠷᠳᠡᠮ ᠢ ᠬᠦᠨᠳᠦᠳᠭᠡᠵᠦ ᠬᠦᠴᠦᠷᠬᠡᠭ᠍ᠵᠢᠨ ᠮᠠᠨᠳᠤᠬᠤ ᠵᠡᠷᠭᠡ ᠰᠢᠨᠡᠴᠢᠯᠡᠯᠲᠡ ᠶᠢᠨ ᠦᠵᠡᠯ ᠰᠠᠨᠠᠭ᠎ᠠ ᠪᠠᠨ ᠪᠦᠷᠢᠨ ᠭᠦᠢ᠌ᠴᠡᠳ ᠢᠯᠡᠷᠡᠭᠦᠯᠵᠡᠢ᠃
原文 没有原文
出自 内蒙古大学学报 1993年 第1期

联系我们


内蒙古大学图书馆
呼和浩特市大学西路235号
中国·内蒙古
P: (0471) 4992561
E: huangfeilong@imu.edu.cn