题名 |
ᠭᠤᠤᠯᠳᠠᠯᠭ᠎ᠠ ᠲᠠᠢ ᠲᠤᠰᠬᠠᠢ ᠮᠡᠷᠭᠡᠵᠢᠯ ᠳᠤ ᠦᠢᠯᠡᠴᠢᠯᠡᠬᠦ ᠨᠤᠮ ᠬᠠᠳᠠᠭᠠᠯᠠᠮᠵᠢ ᠶᠢᠨ ᠴᠢᠬᠤᠯᠠ ᠴᠢᠨᠠᠷ ᠢ ᠦᠭᠦᠯᠡᠬᠦ ᠨᠢ |
作者 |
ᠰᠤᠷᠤᠨ᠎ᠠ |
关键词 |
ᠭᠤᠤᠯᠳᠠᠯᠭ᠎ᠠ ᠲᠠᠢ ᠲᠤᠰᠬᠠᠢ ᠮᠡᠷᠭᠡᠵᠢᠯ; ᠨᠤᠮ ᠤᠨ ᠰᠠᠩ; ᠰᠤᠷᠪᠤᠯᠵᠢ ᠪᠢᠴᠢᠭ ᠦᠨ ᠡᠬᠢ ᠪᠠᠶᠠᠯᠢᠭ |
摘要 |
ᠭᠤᠤᠯᠳᠠᠯᠭ᠎ᠠ ᠲᠠᠢ ᠲᠤᠰᠬᠠᠢ ᠮᠡᠷᠭᠡᠵᠢᠯ ᠦᠨ ᠪᠦᠲᠦᠬᠡᠨ ᠪᠠᠢᠭᠤᠯᠤᠯᠲᠠ ᠪᠤᠯᠤᠨ ᠰᠤᠷᠪᠤᠯᠵᠢ ᠪᠢᠴᠢᠭ ᠦᠨ ᠡᠬᠢ ᠪᠠᠶᠠᠯᠢᠭ ᠤᠨ ᠪᠦᠲᠦᠬᠡᠨ ᠪᠠᠢᠭᠤᠯᠤᠯᠲᠠ ᠶᠢᠨ ᠬᠤᠭᠤᠷᠤᠨᠳᠤ ᠰᠠᠯᠵᠤ ᠪᠤᠯᠤᠰᠢ ᠦᠭᠡᠢ ᠨᠢᠭᠲᠠ ᠬᠠᠷᠢᠴᠠᠭ᠎ᠠ ᠲᠠᠢ ᠪᠠᠢᠳᠠᠭ᠃ ᠭᠤᠤᠳᠠᠯᠭ᠎ᠠ ᠲᠠᠢ ᠲᠤᠰᠬᠠᠢ ᠮᠡᠷᠭᠡᠵᠢᠯ ᠳᠦ ᠬᠠᠨᠳᠤᠭᠰᠠᠨ ᠨᠤᠮ ᠤᠨ ᠰᠠᠩ ᠤᠨ ᠰᠤᠷᠪᠤᠯᠵᠢ ᠪᠢᠴᠢᠭ ᠦᠨ ᠡᠬᠢ ᠪᠠᠶᠠᠯᠢᠭ ᠤᠨ ᠪᠦᠲᠦᠬᠡᠨ ᠪᠠᠢᠭᠤᠯᠤᠯᠲᠠ (ᠲᠤᠬᠠᠢᠯᠠᠪᠠᠯ ᠨᠤᠮ ᠬᠠᠳᠠᠭᠠᠯᠠᠮᠵᠢ ᠶᠢᠨ ᠪᠦᠲᠬᠡᠨ ᠪᠠᠢᠭᠤᠯᠤᠯᠲᠠ) ᠨᠢ ᠳᠡᠭᠡᠳᠦ ᠰᠤᠷᠭᠠᠭᠤᠯᠢ ᠶᠢᠨ ᠭᠤᠤᠯᠳᠠᠯᠭ᠎ᠠ ᠲᠠᠢ ᠲᠤᠰᠬᠠᠢ ᠮᠡᠷᠭᠡᠵᠢᠯ ᠦᠨ ᠴᠢᠬᠤᠯᠠ ᠡᠷᠳᠡᠮ ᠰᠢᠨᠵᠢᠯᠡᠭᠡᠨ ᠦ ᠰᠤᠷᠠᠭ ᠵᠠᠩᠭᠢ ᠶᠢᠨ ᠪᠠᠲᠤᠯᠠᠭ᠎ᠠ ᠮᠦᠨ᠃ ᠲᠤᠰ ᠦᠭᠦᠯᠡᠯ ᠳᠦ ᠦᠪᠦᠷ ᠮᠣᠩᠭᠤᠯ ᠤᠨ ᠶᠡᠬᠡ ᠰᠤᠷᠭᠠᠭᠤᠯᠢ ᠶᠢᠨ ᠨᠤᠮ ᠤᠨ ᠰᠠᠩ ᠤᠨ ᠮᠣᠩᠭᠤᠯ ᠰᠤᠳᠤᠯᠤᠯ ᠤᠨ ᠬᠠᠮᠢᠶ᠎ᠠ ᠪᠦᠬᠦᠢ ᠨᠤᠮ ᠬᠠᠳᠠᠭᠠᠯᠠᠮᠵᠢ ᠶᠢᠨ ᠪᠠᠢᠳᠠᠯ ᠢᠶᠠᠷ ᠵᠢᠱᠢᠶᠡᠯᠡᠵᠦ᠂ ᠭᠤᠤᠯᠳᠠᠯᠭ᠎ᠠ ᠲᠠᠢ ᠲᠤᠰᠬᠠᠢ ᠮᠡᠷᠭᠡᠵᠢᠯ ᠳᠦ ᠬᠠᠨᠳᠤᠭᠰᠠᠨ ᠨᠤᠮ ᠤᠨ ᠰᠠᠩ ᠤᠨ ᠦᠢᠯᠡᠴᠢᠯᠡᠭᠡᠨ ᠦ ᠲᠦᠷᠦᠯ ᠵᠤᠢᠯ᠂ ᠦᠢᠯᠡᠴᠢᠯᠡᠭᠡᠨ ᠦ ᠠᠷᠭ᠎ᠠ ᠪᠠᠷᠢᠯ ᠢ ᠨᠠᠷᠢᠪᠴᠢᠯᠠᠨ ᠲᠤᠭᠠᠴᠢᠬᠤ ᠪᠠᠷ ᠳᠠᠮᠵᠢᠨ᠂ ᠭᠤᠤᠯᠳᠠᠯᠭ᠎ᠠ ᠲᠠᠢ ᠲᠤᠰᠬᠠᠢ ᠮᠡᠷᠭᠡᠵᠢᠯ ᠳᠦ ᠬᠠᠨᠳᠤᠭᠰᠠᠨ ᠨᠤᠮ ᠤᠨ ᠰᠠᠩ ᠤᠨ ᠰᠤᠷᠪᠤᠯᠵᠢ ᠪᠢᠴᠢᠭ ᠦᠨ ᠬᠠᠳᠠᠭᠠᠯᠠᠮᠵᠢ ᠶᠢᠨ ᠴᠢᠬᠤᠯᠠ ᠴᠢᠨᠠᠷ ᠢ ᠦᠭᠦᠯᠡᠪᠡ᠃ |
原文 |
没有原文
|
出自 |
内蒙古大学学报
2014年
第6期
|