题名 |
ᠮᠤᠩᠭ᠋ᠤᠯ ᠠᠷᠠᠳ ᠤᠨ ᠦᠷ᠎ᠡ ᠬᠡᠦᠬᠡᠳ ᠶᠢᠡᠨ ᠬᠦᠮᠦᠵᠢᠭᠦᠯᠵᠦ ᠰᠤᠷᠭᠠᠬᠤ ᠦᠨᠳᠦᠰᠦᠨ ᠦᠵᠡᠯᠳᠡ |
作者 |
ᠬᠠᠰᠭᠡᠷᠡᠯ |
关键词 |
ᠮᠤᠩᠭ᠋ᠤᠯ ᠠᠷᠠᠳ; ᠬᠡᠦᠬᠡᠳ ᠬᠦᠮᠦᠵᠢᠯᠭᠦᠯᠬᠦ; ᠦᠨᠳᠦᠰᠦᠨ ᠦᠵᠡᠯᠳᠡ |
摘要 |
ᠮᠤᠩᠭ᠋ᠤᠯᠴᠤᠳ ᠦᠷ᠎ᠡ ᠬᠡᠦᠬᠡᠳ ᠶᠢᠡᠨ ᠬᠦᠮᠦᠵᠢᠭᠦᠯᠵᠦ ᠰᠤᠷᠭᠠᠬᠤ ᠶᠢ ᠭᠡᠷ ᠪᠦᠯᠢ ᠶᠢᠨ ᠬᠦᠮᠦᠵᠢᠯ ᠤᠨ ᠪᠤᠳᠠᠳᠤ ᠠᠭᠤᠯᠭ᠎ᠠ ᠶᠢᠨ ᠨᠢᠭᠡ ᠪᠡᠷ ᠦᠵᠡᠳᠡᠭ ᠨᠢ ᠬᠡᠦᠬᠡᠳ ᠢ ᠬᠦᠮᠦᠵᠢᠭᠦᠯᠵᠦ ᠰᠤᠷᠭᠠᠬᠤ ᠶᠢᠨ ᠴᠢᠬᠤᠯᠠ ᠴᠢᠨᠠᠷ᠂ ᠠᠴᠢ ᠬᠤᠯᠪᠤᠭᠳᠠᠯ ᠢ ᠪᠦᠷᠢᠨ ᠭᠦᠢᠴᠡᠳ ᠲᠠᠨᠢᠵᠤ ᠤᠢ᠌ᠯᠠᠭᠠᠭᠰᠠᠨ ᠤ ᠢᠯᠡᠷᠡᠯ ᠪᠤᠯᠤᠨ᠎ᠠ᠃ ᠡᠢ᠌ᠮᠤ ᠡᠴᠡ ᠮᠤᠩᠭ᠋ᠤᠯ ᠠᠷᠠᠳ ᠤᠨ ᠦᠷ᠎ᠡ ᠬᠡᠦᠬᠡᠳ ᠶᠢᠡᠨ ᠬᠦᠮᠦᠵᠢᠭᠦᠯᠵᠦ ᠰᠤᠷᠭᠠᠬᠤ ᠦᠨᠳᠦᠰᠦᠨ ᠦᠵᠡᠯᠳᠡ ᠨᠢ ᠦᠪᠡᠷᠮᠢᠴᠡ ᠤᠨᠴᠠᠯᠢᠭ ᠲᠠᠢ ᠪᠡᠷ ᠡᠭᠦᠰᠦᠨ ᠪᠦᠷᠢᠯᠳᠦᠵᠦ᠂ ᠦᠶ᠎ᠡ ᠲᠠᠮᠵᠢᠨ ᠤᠯᠠᠮᠵᠢᠯᠠᠭᠳᠠᠭᠰᠠᠭᠠᠷ ᠢᠷᠡᠵᠡᠢ᠃ ᠮᠤᠩᠭ᠋ᠤᠯᠴᠤᠳ ᠤᠨ ᠦᠷ᠎ᠡ ᠬᠡᠦᠬᠡᠳ ᠶᠢᠡᠨ ᠬᠦᠮᠦᠵᠢᠭᠦᠯᠵᠦ ᠰᠤᠷᠭᠠᠬᠤ ᠦᠨᠳᠦᠰᠦᠨ ᠦᠵᠡᠯᠳᠡ ᠨᠢ ᠬᠤᠪᠢ ᠬᠦᠮᠦᠨ ᠤ ᠬᠦᠮᠦᠵᠢᠯ ᠪᠤᠯᠪᠠᠰᠤᠷᠠᠯ ᠲᠠᠢ ᠬᠤᠯᠪᠤᠭᠰᠠᠨ ᠤᠢ᠌ᠯᠠᠭᠠᠯᠳᠠ᠂ ᠠᠢ᠌ᠯ ᠡᠷᠦᠬᠡ ᠶᠢᠨ ᠦᠭᠡᠳᠡᠯᠡᠯ ᠲᠡᠭᠵᠢᠷᠡᠯ ᠲᠠᠢ ᠬᠤᠯᠪᠤᠨ ᠦᠵᠡᠭᠰᠡᠨ ᠲᠠᠨᠢᠯᠳᠠ᠂ ᠤᠯᠤᠰ ᠦᠨᠳᠦᠰᠦᠳᠡᠨ ᠤ ᠬᠦᠭ᠍ᠵᠢᠯ ᠮᠠᠨᠳᠤᠯ ᠲᠠᠢ ᠬᠤᠯᠪᠤᠨ ᠦᠵᠡᠭᠰᠡᠨ ᠦᠵᠡᠯᠳᠡ ᠭᠡᠬᠦ ᠲᠠᠯ᠎ᠠ ᠪᠡᠷ ᠢᠯᠡᠷᠡᠵᠦ ᠪᠠᠢ᠌ᠳᠠᠭ᠃ |
原文 |
查看原文
|
出自 |
蒙古学研究
2014年
第2期
|