题名 |
ᠮᠤᠩᠭ᠋ᠤᠯ ᠰᠢᠨ᠎ᠡ ᠰᠢᠯᠦᠭ ᠲᠠᠭᠤᠤ ᠶᠢᠨ ᠵᠤᠬᠢᠶᠠᠨ ᠪᠦᠳᠦᠭᠡᠯᠭᠡ ᠶᠢᠨ ᠤᠨᠴᠠᠭᠠᠢ ᠦᠵᠡᠭᠳᠡᠯ ᠤᠨ ᠲᠤᠬᠠᠢ ᠠᠩᠬᠠᠨ ᠤ ᠰᠢᠨᠵᠢᠯᠡᠯ |
作者 |
ᠸᠠᠩ ᠮᠸᠢ ᠷᠦᠩ |
关键词 |
《ᠠᠷᠠᠳ ᠤᠨ ᠲᠠᠭᠤᠤ ᠴᠤᠭᠯᠠᠭᠤᠯᠬᠤ ᠤᠳᠬ᠎ᠠ ᠤᠷᠠᠯᠢᠭ ᠤᠨ ᠬᠦᠳᠡᠯᠭᠡᠭᠡᠨ》; ᠮᠤᠩᠭ᠋ᠤᠯ ᠰᠢᠨ᠎ᠡ ᠰᠢᠯᠦᠭ ᠲᠠᠭᠤᠤ; ᠵᠤᠬᠢᠶᠠᠨ ᠪᠦᠳᠦᠭᠡᠯᠭᠡ; ᠤᠨᠴᠠᠭᠠᠢ ᠦᠵᠡᠭᠳᠡᠯ |
摘要 |
1958ᠤᠨ ᠤ《ᠠᠷᠠᠳ ᠤᠨ ᠲᠠᠭᠤᠤ ᠴᠤᠭᠯᠠᠭᠤᠯᠬᠤ ᠤᠳᠬ᠎ᠠ ᠤᠷᠠᠯᠢᠭ ᠤᠨ ᠬᠦᠳᠡᠯᠭᠡᠭᠡᠨ》 ᠶᠢᠡᠷ ᠠᠷᠤ ᠦᠵᠡᠭᠳᠡᠯ ᠪᠤᠯᠭᠠᠵᠤ᠂ ᠮᠤᠩᠭ᠋ᠤᠯ ᠰᠢᠨ᠎ᠡ ᠰᠢᠯᠦᠭ ᠲᠠᠭᠤᠤ ᠶᠢᠨ ᠵᠤᠬᠢᠶᠠᠨ ᠪᠦᠳᠦᠭᠡᠯᠭᠡ ᠶᠢᠨ ᠶᠠᠪᠤᠴᠠ ᠳᠤ ᠢᠯᠡᠷᠡᠭᠰᠡᠨ ᠤᠨᠴᠠᠭᠠᠢ ᠦᠵᠡᠭᠳᠡᠯ ᠢ ᠲᠤᠰᠠᠭᠠᠷ ᠵᠤᠬᠢᠶᠠᠬᠤ ᠦᠡᠵᠭᠳᠡᠯ᠂ ᠲᠠᠭᠤᠷᠢᠶᠠᠵᠤ ᠵᠤᠬᠢᠶᠠᠬᠤ ᠦᠵᠡᠭᠳᠡᠯ᠂ ᠬᠠᠪᠰᠤᠷᠴᠤ ᠵᠤᠬᠢᠶᠠᠬᠤ ᠦᠵᠡᠭᠳᠡᠯ ᠭᠡᠵᠦ ᠦᠵᠡᠵᠦ ᠪᠤᠯᠤᠨ᠎ᠠ᠃ ᠡᠢ᠌ᠮᠦᠷᠬᠦᠦ ᠵᠤᠬᠢᠶᠠᠨ ᠪᠦᠳᠦᠭᠡᠯᠭᠡ ᠶᠢᠨ ᠦᠵᠡᠭᠳᠡᠯ ᠤᠨ ᠪᠤᠢ ᠪᠤᠯᠤᠭᠰᠠᠨ ᠨᠢ ᠲᠤᠬᠠᠢ ᠶᠢᠨ ᠦᠶ᠎ᠡ ᠶᠢᠨ ᠤᠯᠤᠰ ᠲᠦᠷᠦ ᠶᠢᠨ ᠤᠷᠢᠶᠠᠯᠠᠭ᠎ᠠ ᠪᠠ ᠤᠳᠬ᠎ᠠ ᠵᠤᠬᠢᠶᠠᠯ ᠤᠷᠠᠯᠢᠭ ᠤᠨ ᠦᠵᠡᠯ ᠤᠷᠤᠰᠬᠠᠯ ᠤᠨ ᠨᠦᠯᠦᠭᠡ ᠡᠴᠡ ᠪᠤᠯᠤᠭᠰᠠᠨ ᠪᠦᠭᠡᠳ ᠲᠤᠬᠠᠢ ᠶᠢᠨ ᠴᠠᠭ ᠦᠶ᠎ᠡ ᠳᠤ ᠪᠠᠨ ᠵᠤᠬᠢᠴᠠᠭᠰᠠᠨ᠂ ᠵᠤᠬᠢᠶᠠᠭᠴᠢᠳ ᠤᠨ ᠭᠠᠷᠤᠯ ᠳᠤ ᠪᠠᠨ ᠲᠤᠬᠢᠷᠠᠭᠰᠠᠨ ᠵᠤᠬᠢᠶᠠᠨ ᠪᠦᠳᠦᠭᠡᠬᠦ ᠦᠵᠡᠭᠳᠡᠯ ᠮᠦᠨ᠃ ᠡᠨᠡ ᠨᠢ《17ᠵᠢᠯ》 ᠤᠨ ᠮᠤᠩᠭ᠋ᠤᠯ ᠤᠳᠬ᠎ᠠ ᠵᠤᠬᠢᠶᠠᠯ ᠳᠤ ᠢᠯᠡᠷᠡᠭᠰᠡᠨ ᠵᠤᠬᠢᠶᠠᠨ ᠪᠦᠳᠦᠭᠡᠯᠳᠡ ᠶᠢᠨ ᠦᠵᠡᠭᠳᠡᠯ ᠲᠠᠢ ᠲᠦᠰᠦᠭᠡᠳᠡᠢ ᠲᠠᠯ᠎ᠠ ᠪᠠᠢ᠌ᠬᠤ ᠮᠦᠷᠳᠡᠭᠡᠨ ᠦᠪᠡᠷ ᠤᠨ ᠶᠢᠡᠨ ᠤᠨᠴᠠᠯᠢᠭ ᠢ ᠬᠠᠳᠠᠭᠠᠯᠠᠭᠰᠠᠨ ᠪᠠᠢ᠌ᠨᠠᠠ᠃ |
原文 |
查看原文
|
出自 |
内蒙古社会科学(蒙文版)
2014年
第5期
|