摘要 |
ᠲᠤᠰ ᠦᠭᠦᠯᠡᠯ ᠳᠦ ᠂ ᠵᠤᠬᠢᠶᠠᠭᠴᠢ ᠠᠷᠠᠳ ᠤᠨ ᠳᠤᠮᠳᠠ ᠠᠴᠠ ᠴᠤᠭᠯᠠᠭᠤᠯᠤᠭᠰᠠᠨ ᠡᠯᠪᠡᠭ᠌ ᠮᠠᠲ᠋ᠧᠷᠢᠶᠠᠯ ᠢ ᠠᠰᠢᠭᠯᠠᠨ ᠬᠦᠮᠦᠨ ᠦ ᠨᠡᠷ᠎ᠡ ᠶᠢᠨ ᠡᠶᠡᠷᠡᠭᠦᠯᠦᠭᠰᠡᠨ ᠳᠠᠭᠤᠳᠠᠯᠭ᠎ᠠ ᠶᠢ ᠮᠣᠩᠭ᠋ᠤᠯ ᠬᠦᠮᠦᠨ ᠦ ᠨᠡᠷ᠎ᠡ ᠶᠢᠨ ᠰᠤᠳᠤᠯᠤᠯ ᠳᠠᠬᠢ ᠴᠢᠬᠤᠯᠠ ᠪᠠᠢ᠋ᠷᠢᠨ ᠳᠤ ᠳᠡᠪᠰᠢᠭᠦᠯᠪᠡ᠃ ᠡᠭᠦᠨ ᠳᠦ ᠂ ᠬᠤᠪᠤᠭᠰᠠᠢ᠌ᠷᠢ ᠪᠠᠷ ᠲᠦᠯᠦᠭᠡᠯᠡᠭᠦᠯᠦᠭᠰᠡᠨ ᠰᠢᠨᠵᠢᠶᠠᠩ ᠤᠨ ᠲᠤᠷᠭᠤᠳᠴᠤᠳ ᠤᠨ ᠬᠦᠮᠦᠨ ᠦ ᠨᠡᠷ᠎ᠡ ᠶᠢᠨ ᠡᠶᠡᠷᠡᠭᠦᠯᠦᠯᠭᠡ ᠶᠢᠨ ᠶᠤᠰᠤ ᠵᠠᠩᠰᠢᠯ ᠢᠶᠠᠷ ᠨᠡᠢ᠌ᠲᠡᠯᠢᠭ᠌ ᠵᠢᠱᠢᠶ᠎ᠡ ᠪᠤᠯᠭᠠᠨ ᠲᠡᠭᠦᠨ ᠦ ᠡᠭᠦᠰᠦᠯ ᠤᠯᠠᠮᠵᠢᠯᠠᠯ᠂ ᠳᠠᠭᠤᠳᠠᠯᠭ᠎ᠠ ᠶᠢᠨ ᠤᠳᠬ᠎ᠠ ᠪᠦᠷᠢᠯᠳᠦᠭᠦᠨ᠂ ᠨᠡᠷ᠎ᠡ ᠡᠭᠦᠰᠭᠡᠬᠦ ᠠᠷᠭ᠎ᠠ ᠵᠢᠮ᠎ᠡ ᠬᠢᠭᠡᠳ ᠲᠤᠰᠬᠠᠢ ᠳᠠᠭᠠᠪᠤᠷᠢ ᠨᠤᠭᠤᠳ ᠤᠨ ᠡᠷᠲᠡᠨ ᠦ ᠬᠠᠷᠢᠴᠠᠭᠤᠯᠤᠭᠰᠠᠨ ᠬᠡᠯᠡᠨ ᠦ ᠮᠦᠷᠳᠡᠯᠲᠡ ᠰᠦᠪᠡᠭ᠍ᠴᠢᠯᠡᠯ ᠬᠢᠭ᠍ᠰᠡᠨ ᠵᠡᠷᠭᠡ ᠠᠭᠤᠯᠭ᠎ᠠ ᠶᠢ ᠪᠠᠭᠲᠠᠭᠠᠵᠠᠢ᠃ |