摘要 |
1866—1870ᠤᠨ ᠦ ᠬᠤᠭᠤᠷᠤᠨᠳᠦ ᠬᠠᠯᠬ᠎ᠠ ᠶᠢᠨ ᠰᠠᠢ᠌ᠳ ᠨᠤᠶᠠᠨ ᠬᠠᠨ ᠠᠢ᠌ᠮᠠᠭ ᠤᠨ ᠳᠤᠮᠳᠠᠳᠤ ᠵᠡᠭᠦᠨ ᠬᠤᠰᠢᠭᠤᠨ ᠦ ᠵᠠᠰᠠᠭ ᠵᠢᠮᠪᠠᠯᠳᠤᠷᠵᠢ ᠤᠯᠢᠶᠠᠰᠤᠲᠠᠢ ᠶᠢᠨ ᠮᠣᠩᠭᠣᠯ ᠬᠤᠤᠪᠢ ᠶᠢᠨᠨ ᠰᠠᠢ᠌ᠳ ᠤᠨ ᠲᠤᠰᠢᠶᠠᠯ ᠢ ᠬᠠᠷᠢᠭᠤᠴᠠᠵᠤ ᠪᠠᠢ᠌ᠭᠰᠠᠨ ᠪᠦᠭᠡᠳ ᠪᠠᠷᠠᠭᠤᠨ ᠬᠤᠢ᠌ᠳᠤ ᠤᠷᠤᠨ ᠦ ᠬᠤᠳᠤᠩ ᠦᠨᠳᠦᠰᠦᠳᠡᠨ ᠦ ᠪᠤᠰᠤᠯᠭ᠎ᠠ ᠶᠢ ᠲᠠᠷᠤᠩᠭ᠋ᠤᠢ᠌ᠯᠠᠬᠤ᠂ ᠭᠠᠨᠰᠢᠭᠳᠠᠭᠰᠠᠨ ᠠᠷᠠᠳ ᠢ ᠠᠪᠤᠷᠠᠨ ᠲᠤᠰᠠᠯᠠᠬᠤ ᠂ ᠬᠢᠯᠢ ᠬᠢᠵᠠᠭᠠᠷ ᠤᠨ ᠭᠡᠷᠡᠭ ᠢ ᠰᠢ᠌ᠳᠪᠦᠷᠢᠯᠡᠬᠦ ᠠᠵᠢᠯᠯᠠᠭ᠎ᠠ ᠳᠤ ᠢᠳᠡᠪᠬᠢᠲᠠᠢ ᠤᠷᠤᠯᠴᠠᠵᠤ ᠪᠠᠢ᠌ᠭᠰᠠᠨ ᠶᠤᠮ᠃ ᠡᠳᠡᠭᠡᠷ ᠠᠵᠢᠯᠯᠠᠭ᠎ᠠ ᠳᠤᠮᠳᠠ ᠲᠤᠬᠠᠢ ᠶᠢᠨ ᠦᠶ ᠠ ᠶᠢᠨ ᠪᠠᠷᠠᠭᠤᠨ ᠬᠤᠢ᠌ᠳᠤ ᠬᠢᠯᠢ ᠬᠢᠵᠠᠭᠠᠷ ᠤᠷᠤᠨ ᠦ ᠳᠡᠦᠬᠡᠲᠦ ᠪᠠᠢ᠌ᠳᠠᠯ ᠤᠨ ᠮᠠᠰᠢ ᠤᠯᠠᠨ ᠰᠤᠷᠠᠭ ᠵᠠᠩᠭᠢ ᠬᠠᠳᠠᠭᠠᠯᠠᠭᠳᠠᠵᠤ ᠪᠠᠢ᠌ᠨ᠎ᠠ᠃ |