摘要 |
20 ᠳ᠋ᠤᠭᠠᠷ ᠵᠠᠭᠤᠨ ᠤ ᠡᠬᠢ ᠡᠴᠡ ᠨᠠᠶᠠᠭᠠᠳ ᠤᠨ ᠬᠦᠷᠳᠡᠯᠡᠬᠢ ᠮᠤᠩᠭ᠋ᠤᠯ ᠰᠢᠯᠦᠭ ᠲᠤ ᠢᠯᠡᠷᠡᠭᠰᠡᠨ ᠲᠠᠷᠢᠶᠠᠯᠠᠬᠤ ᠰᠤᠶᠤᠯ ᠤᠨ ᠲᠤᠷᠰᠢᠯᠭ᠎ᠠ ᠶᠢᠨ ᠢᠯᠡᠳᠭᠡᠮᠵᠢ ᠶᠢ ᠦᠶ᠎ᠡ ᠱᠠᠳᠤᠯᠠᠨ ᠰᠢᠨᠵᠢᠯᠡᠪᠡᠯ᠂ ᠤᠷᠴᠢᠨ ᠦᠶ᠎ᠡ ᠳᠤ ᠦᠯᠢᠭᠡᠷᠳᠦ ᠲᠠᠭᠤᠤ ᠪᠠ ᠪᠢᠴᠢᠭ᠌ ᠤᠨ ᠰᠢᠯᠦᠭ ᠲᠤ ᠲᠠᠷᠢᠶᠠᠯᠠᠬᠤ ᠰᠤᠶᠤᠯ ᠤᠨ ᠢᠯᠡᠳᠭᠡᠮᠵᠢ ᠬᠦᠪᠦᠷᠡᠨ ᠰᠤᠶᠤᠭᠠᠯᠠᠵᠤ᠂ ᠰᠢᠨ᠎ᠡ ᠲᠤᠮᠳᠠᠳᠤ ᠤᠯᠤᠰ ᠪᠠᠢ᠌ᠭᠤᠯᠤᠭᠳᠠᠭᠰᠠᠨ ᠤ ᠲᠠᠷᠠᠭ᠎ᠠ ᠠᠭᠤᠤᠴᠢ ᠲᠡᠦᠬᠡᠨ ᠬᠦᠦᠷᠨᠢᠯ ᠲᠠᠢ ᠤᠶᠠᠯᠳᠤᠨ᠂ ᠰᠢᠨ᠎ᠡ ᠡᠷᠢᠨ ᠡᠴᠡ ᠨᠠᠭᠠᠰᠢ ᠤᠳᠤᠬᠢᠴᠢᠯᠠᠯ ᠤᠨ ᠬᠡᠯᠡᠬᠦᠢ ᠲᠠᠢ ᠠᠭᠤᠰᠤᠯᠳᠤᠨ᠂ ᠬᠦᠭ᠍ᠵᠢᠯᠳᠡ ᠶᠢᠨ ᠶᠠᠪᠤᠴᠠ ᠳᠠᠭᠠᠨ ᠠᠩᠬ᠎ᠠ ᠠᠯᠬᠤᠮ ᠰᠤᠶᠤᠯ ᠤᠨ ᠤᠬᠠᠮᠰᠠᠷ ᠢ ᠪᠦᠷᠢᠯᠳᠦᠭᠦᠯᠵᠦ᠂ ᠲᠡᠭᠡᠷ᠎ᠡ ᠵᠠᠭᠤᠨ ᠤ 90 ᠭᠡᠳ ᠤᠨ ᠳᠤ ᠲᠠᠷᠢᠶᠠᠯᠠᠩ ᠤᠨ ᠰᠤᠶᠤᠯ ᠤᠨ ᠢᠷᠠᠭᠤ ᠨᠠᠢ᠌ᠷᠠᠭ ᠡᠰᠡᠨᠢᠵᠦ᠂ ᠲᠠᠷᠢᠶᠠᠯᠠᠩ ᠤᠨ ᠰᠤᠶᠤᠯ ᠤᠨ ᠲᠤᠷᠰᠢᠯᠭ᠎ᠠ ᠶᠢᠨ ᠢᠯᠡᠳᠭᠡᠮᠵᠢ ᠰᠢᠨ᠎ᠡ ᠱᠠᠳᠤᠨ ᠳᠤ ᠰᠢᠯᠵᠢᠨ ᠤᠷᠤᠭᠰᠠᠨ ᠪᠠᠢ᠌ᠨ᠎ᠠ᠃ |