摘要 |
ᠠᠮᠢ ᠨᠠᠰᠤᠨ ᠤ ᠬᠦᠨᠳᠦᠳᠭᠡᠯ᠂ ᠠᠮᠢ ᠨᠠᠰᠤᠨ ᠤ ᠦᠷᠭᠦᠯᠵᠢᠯᠡᠯ ᠦᠨ ᠬᠦᠰᠡᠯ ᠵᠢᠴᠢ ᠠᠮᠢ ᠨᠠᠰᠤᠨ ᠤ ᠭᠠᠢ᠌ᠬᠠᠮᠰᠢᠭ ᠤᠨ ᠪᠠᠬᠠᠷᠬᠠᠯ ᠪᠤᠯᠤᠭᠰᠠᠨ ᠴᠠᠬᠠᠷᠴᠤᠳ ᠤᠨ ᠤᠯᠠᠮᠵᠢᠯᠠᠯᠲᠤ ᠵᠢᠯ ᠤᠤᠭᠤᠯᠬᠤ ᠶᠤᠰᠤ ᠨᠢ ᠬᠡᠦᠬᠡᠳ ᠪᠠᠭᠠᠴᠤᠳ ᠲᠤ ᠠᠨ ᠬᠦᠰᠡᠯ ᠨᠠᠢ᠌ᠳᠠᠯᠭ᠎ᠠ ᠶᠢᠨ ᠰᠡᠳᠬᠢᠯᠭᠡ ᠪᠡᠨ ᠤᠬᠠᠭᠠᠷᠠᠭᠤᠯᠬᠤ᠂ ᠵᠠᠯᠠᠭᠤ ᠢᠳᠡᠷᠴᠦᠳ ᠢᠶᠡᠨ ᠤᠷᠲᠤ ᠨᠠᠰᠤᠯᠠᠬᠤ ᠶᠢᠨ ᠵᠦᠩᠨᠡᠯ ᠢᠶᠡᠷ ᠮᠢᠯᠢᠶᠠᠨ᠂ ᠦᠳᠡᠭᠦᠰ ᠪᠤᠭᠤᠷᠤᠯᠴᠤᠳ ᠢᠶᠠᠨ ᠪᠠᠶᠠᠰᠬᠠᠨ ᠪᠠᠶᠠᠷᠯᠠᠭᠤᠯᠬᠤ ᠬᠡᠯᠪᠡᠷᠢ ᠪᠡᠷ ᠶᠠᠪᠤᠭᠳᠠᠵᠤ᠂ ᠢᠷᠦᠭᠡᠯ ᠪᠡᠯᠭᠡᠳᠡᠯ ᠢ ᠳᠡᠭᠡᠳᠦᠯᠡᠬᠦ᠂ ᠠᠬᠠᠮᠠᠳ ᠨᠠᠰᠤᠲᠠᠨ ᠢᠶᠠᠨ ᠬᠦᠨᠳᠦᠳᠭᠡᠬᠦ ᠶᠤᠰᠤ ᠰᠤᠷᠲᠠᠬᠤᠨ ᠤ ᠤᠯᠠᠮᠵᠢᠯᠠᠯ ᠢᠶᠠᠷ ᠠᠮᠢᠳᠤᠷᠠᠯ ᠠᠬᠤᠢ ᠳᠤ ᠨᠢ ᠢᠳᠡᠭᠡᠰᠢᠭᠰᠡᠨ ᠪᠠᠢ᠌ᠳᠠᠭ᠃ ᠲᠤᠰ ᠦᠭᠦᠯᠡᠯ ᠳᠦ ᠂ ᠴᠠᠬᠠᠷ ᠨᠤᠲᠤᠭ ᠲᠤ ᠬᠢᠭ᠍ᠰᠡᠨ ᠰᠤᠷᠪᠤᠯᠵᠢᠯᠠᠭ᠎ᠠ ᠶᠢᠨ ᠮᠠᠲ᠋ᠧᠷᠢᠶᠠᠯ ᠳᠤ ᠰᠠᠭᠤᠷᠢᠯᠠᠵᠤ᠂ ᠴᠠᠬᠠᠷᠴᠤᠳ ᠤᠨ ᠤᠯᠠᠮᠵᠢᠯᠠᠯᠲᠤ ᠵᠢᠯ ᠤᠷᠤᠭᠤᠯᠬᠤ ᠶᠤᠰᠤ ᠶᠢ ᠬᠠᠢ᠌ᠨ ᠰᠢᠨᠵᠢᠯᠡᠪᠡ᠃ |