论文信息


题名 ᠬᠤᠷᠴᠢᠨ ᠰᠤᠶᠤᠯ ᠤᠨ ᠨᠡᠷ᠎ᠡ ᠲᠡᠮᠳᠡᠭ ᠦᠨ ᠮᠡᠳᠡᠭᠡᠯᠡᠯ ᠬᠢᠭᠡᠳ ᠵᠠᠭᠤᠴᠢ ᠶᠢᠨ ᠦᠢᠯᠡᠳᠦᠯ ᠦᠨ ᠲᠤᠬᠠᠢ
作者 ᠫ‍᠂ ᠠᠨᠠᠪᠠᠳ
关键词 ᠬᠤᠷᠴᠢᠨ ᠰᠤᠶᠤᠯ; ᠨᠡᠷ᠎ᠡ ᠲᠡᠮᠳᠡᠭ; ᠵᠠᠭᠤᠴᠢ; ᠮᠡᠳᠡᠭᠡᠯᠡᠬᠦ ᠪᠤᠳᠤᠯᠭ᠎ᠠ
摘要 ᠬᠤᠷᠴᠢᠨ ᠰᠤᠶᠤᠯ ᠪᠤᠯ ᠮᠤᠨᠭᠭᠤᠯ ᠦᠨᠳᠦᠰᠦᠲᠡᠨ ᠦ ᠰᠤᠶᠤᠯ ᠤᠨ ᠦᠪ ᠦᠨ ᠨᠢᠭᠡᠨ ᠴᠢᠬᠤᠯᠠ ᠪᠦᠷᠢᠯᠳᠦᠭᠦᠨ ᠬᠡᠰᠡᠭ ᠪᠤᠯᠬᠤ ᠲᠡᠳᠦᠢ ᠦᠭᠡᠢ᠂ ᠳᠤᠮᠳᠠᠳᠤ ᠶᠢᠨ ᠰᠤᠶᠤᠯ ᠤᠨ ᠳᠤᠲᠠᠭᠳᠠᠵᠤ ᠪᠤᠯᠤᠰᠢ ᠨᠢᠭᠡᠨ ᠦᠪ ᠮᠦᠨ᠃ ᠤᠳᠤᠬᠠᠨ ᠳᠤ ᠳᠡᠯᠡᠬᠡᠢ ᠶᠢᠨ ᠠᠵᠤ ᠠᠬᠤᠢ ᠨᠢᠭᠡ ᠴᠤᠭᠴᠠᠯᠠᠯᠲᠠ ᠪᠦᠷᠢᠯᠳᠦᠭᠰᠡ ᠪᠦᠭᠡᠳ ᠡᠯ᠎ᠡ ᠤᠯᠤᠰ  ᠤᠷᠤᠨ ᠤ ᠰᠤᠶᠤᠯ ᠤᠨ ᠰᠤᠯᠢᠯᠴᠠᠭ᠎ᠠ ᠪᠠ ᠬᠠᠷᠢᠯᠴᠠᠭ᠎ᠠ ᠦᠷᠭᠡᠵᠢᠵᠦ᠂ ᠶᠡᠬᠡ ᠠᠭᠤᠰᠤᠯᠴᠠᠯ ᠤᠨ ᠬᠠᠨᠳᠤᠰᠢ ᠢᠯᠡᠷᠡᠪᠡᠯ᠃ ᠡᠨᠡ ᠬᠦ ᠨᠡᠶᠢᠭᠡᠮ ᠲᠡᠦᠬᠡ ᠶᠢᠨ ᠠᠬᠤᠢ ᠪᠠᠶᠢᠳᠠᠯ ᠳᠤᠤᠷ᠎ᠠ ᠬᠤᠷᠴᠢᠨ ᠰᠤᠶᠤᠯ ᠤᠨ ᠨᠡᠷ᠎ᠡ ᠲᠡᠮᠳᠡᠭ ᠢᠶᠡᠷ ᠤᠯᠤᠰ ᠤᠨ ᠭᠠᠳᠠᠭᠠᠳᠤ ᠳᠤᠲᠤᠭᠠᠳᠤ ᠲᠠᠢ ᠬᠠᠷᠢᠴᠠᠭ᠎ᠠ ᠬᠤᠯᠪᠤᠭ᠎ᠠ ᠠᠪᠤᠯᠴᠠᠬᠤ ᠨᠢ ᠤᠮᠳᠤᠭᠠᠶᠢᠯᠠᠵᠤ ᠪᠤᠯᠤᠰᠢ ᠦᠭᠡᠢ ᠶᠠᠪᠤᠬᠤ ᠲᠦᠳᠡ ᠵᠠᠮ ᠮᠦᠨ᠃ ᠬᠤᠷᠴᠢᠨ ᠰᠤᠶᠤᠯ ᠨᠢ ᠵᠠᠰᠠᠭ ᠤᠨ ᠤᠷᠳᠤᠨ ᠤ ᠡᠷᠴᠢ ᠲᠡᠢ ᠪᠠᠳᠠᠷᠠᠭᠤᠯᠤᠨ ᠬᠦᠭ᠍ᠵᠢᠭᠦᠯᠬᠦ ᠶᠠᠪᠤᠴᠠ ᠳᠤ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠦᠢᠯᠡᠰ ᠦᠨ ᠬᠢᠯᠡᠰ ᠴᠢᠭ᠌ ᠪᠤᠯᠵᠠᠢ᠃ ᠲᠡᠷᠡ ᠮᠦᠷᠲᠡᠬᠡᠨ ᠵᠠᠭᠤᠴᠢ ᠨᠢ ᠰᠤᠶᠤᠯ ᠤᠨ ᠮᠡᠳᠡᠭᠡᠯᠡᠯ ᠦᠨ ᠴᠢᠬᠤᠯᠠ ᠠᠴᠢᠶᠠᠯᠠᠪᠤᠷᠢ ᠪᠤᠯᠤᠭᠰᠠᠨ ᠤ ᠬᠤᠪᠢ ᠳᠤ᠂ ᠰᠤᠶᠤᠯ ᠤᠨ ᠮᠡᠳᠡᠭᠡᠯᠡᠯ ᠳᠤ ᠤᠮᠳᠤᠭᠠᠶᠢᠯᠠᠵᠤ ᠪᠤᠯᠤᠰᠢ ᠦᠭᠡᠢ ᠴᠢᠬᠤᠯᠠ ᠦᠢᠯᠡᠳᠦᠯ ᠦᠵᠡᠭᠦᠯᠳᠡᠭ ᠶᠤᠮ᠃ ᠦᠭᠦᠯᠡᠯ ᠳᠤ᠂ ᠬᠤᠷᠴᠢᠨ ᠰᠤᠶᠤᠯ ᠤᠨ ᠵᠠᠭᠤᠴᠢ ᠶᠢᠨ ᠮᠡᠳᠡᠭᠡᠯᠡᠯ ᠬᠢᠭᠡᠳ ᠵᠠᠭᠤᠴᠢ ᠶᠢᠨ ᠮᠡᠳᠡᠭᠡᠯᠡᠬᠦ ᠠᠷᠭ᠎ᠠ ᠪᠤᠳᠤᠯᠭ᠎ᠠ ᠶᠢᠨ ᠲᠤᠬᠠᠢ ᠵᠠᠳᠠᠯᠤᠨ ᠰᠢᠨᠵᠢᠯᠡᠬᠦ ᠪᠡᠷ ᠵᠤᠷᠢᠪᠠ᠃
原文 查看原文
出自 中国蒙古学 2010年 第5期

联系我们


内蒙古大学图书馆
呼和浩特市大学西路235号
中国·内蒙古
P: (0471) 4992561
E: huangfeilong@imu.edu.cn