题名 |
ᠰᠢᠨ᠎ᠡ ᠵᠠᠭᠤᠴᠢᠯᠠᠭᠤᠷ ᠤᠨ ᠴᠠᠭ ᠡᠷᠢᠨ ᠳᠡᠬᠢ ᠮᠤᠩᠭ᠋ᠤᠯ ᠠᠷᠠᠳ ᠤᠨ ᠠᠮᠠᠨ ᠵᠤᠬᠢᠶᠠᠯ ᠤᠨ ᠬᠢᠴᠢᠶᠡᠯ ᠳᠤ ᠤᠯᠠᠨ ᠵᠠᠭᠤᠴᠢᠳᠤ ᠡᠬᠡ ᠮᠠᠲ᠋ᠸᠷᠢᠶᠠᠯ ᠢ ᠠᠰᠢᠭᠯᠠᠬᠤ ᠠᠷᠭ᠎ᠠ ᠶᠢᠨ ᠲᠤᠬᠠᠢ |
作者 |
ᠵᠢᠦᠢ ᠪᠤᠤ |
关键词 |
ᠮᠤᠩᠭ᠋ᠤᠯ ᠠᠮᠠᠨ ᠵᠤᠬᠢᠶᠠᠯ ᠤᠨ ᠬᠢᠴᠢᠶᠡᠯ; ᠤᠯᠠᠨ ᠵᠠᠭᠤᠴᠢᠳᠤ ᠡᠬᠡ ᠮᠠᠲ᠋ᠸᠷᠢᠶᠠᠯ; ᠠᠰᠢᠯᠠᠯᠳᠠ |
摘要 |
ᠤᠳᠤ ᠦᠶ᠎ᠡ ᠳᠤ ᠤᠯᠠᠨ ᠵᠠᠭᠤᠴᠢᠳᠤ ᠮᠡᠷᠭᠡᠵᠢᠯ ᠨᠢᠭᠡᠨᠳᠡ ᠮᠤᠩᠭ᠋ᠤᠯ ᠠᠮᠠᠨ ᠵᠤᠬᠢᠶᠠᠯ ᠤᠨ ᠵᠢᠭᠠᠨ ᠰᠤᠷᠭᠠᠯᠳᠠ ᠶᠢᠨ ᠡᠯ᠎ᠡ ᠲᠠᠯ᠎ᠠ ᠳᠤ ᠦᠷᠭᠡᠨ ᠶᠢᠡᠷ ᠬᠡᠷᠡᠭᠯᠡᠭᠳᠡᠵᠦ ᠪᠤᠢ᠃ ᠰᠢᠨ᠎ᠡ ᠡᠯᠸᠺᠲ᠋ᠷᠤᠨ ᠮᠡᠷᠭᠡᠵᠢᠯ ᠤᠨ ᠦᠢᠯᠡᠳᠦᠯ ᠢ ᠤᠳᠤ ᠦᠶ᠎ᠡ ᠶᠢᠨ ᠵᠢᠭᠠᠨ ᠰᠤᠷᠭᠠᠯᠳᠠ ᠳᠤ ᠬᠡᠷᠬᠢᠨ ᠪᠠᠳᠠᠷᠠᠭᠤᠯᠬᠤ ᠪᠤᠯ ᠮᠤᠩᠭ᠋ᠤᠯ ᠠᠮᠠᠨ ᠵᠤᠬᠢᠶᠠᠯ ᠤᠨ ᠪᠠᠭᠰᠢ ᠪᠤᠯᠤᠭᠰᠠᠳ ᠤᠨ ᠲᠠᠰᠤᠷᠠᠯ ᠦᠭᠡᠢ ᠰᠤᠳᠤᠯᠤᠨ ᠰᠦᠪᠡᠭ᠍ᠴᠢᠯᠡᠬᠦ ᠠᠰᠠᠭᠤᠳᠠᠯ ᠪᠤᠯᠤᠨ᠎ᠠ᠃ ᠤᠯᠠᠨ ᠵᠠᠭᠤᠴᠢᠳᠤ ᠡᠬᠡ ᠮᠠᠲ᠋ᠸᠷᠢᠶᠠᠯ ᠢ ᠵᠤᠬᠢᠰᠳᠠᠢ ᠬᠡᠷᠡᠭᠯᠡᠬᠦ ᠪᠤᠯ ᠲᠡᠭᠦᠨ ᠤ ᠲᠤᠳᠤᠷᠠᠬᠢ ᠵᠠᠩᠭᠢᠯᠠᠭ᠎ᠠ ᠪᠤᠯᠤᠨ᠎ᠠ᠃ ᠤᠯᠠᠨ ᠵᠠᠭᠤᠴᠢᠳᠤ ᠦᠰᠦᠭ ᠪᠢᠴᠢᠭ᠌ ᠤᠨ ᠡᠬᠡ ᠮᠠᠲ᠋ᠸᠷᠢᠶᠠᠯ᠂ ᠵᠢᠷᠤᠭ ᠲᠦᠷᠰᠦ ᠶᠢᠨ ᠮᠠᠲ᠋ᠸᠷᠢᠶᠠᠯ ᠪᠠ ᠠᠤᠳᠢᠤ᠋᠂ ᠸᠢᠳᠢᠤ᠋ ᠶᠢᠨ ᠡᠬᠡ ᠮᠠᠲ᠋ᠸᠷᠢᠶᠠᠯ ᠨᠢ ᠮᠤᠩᠭ᠋ᠤᠯ ᠠᠮᠠᠨ ᠵᠤᠬᠢᠶᠠᠯ ᠤᠨ ᠵᠢᠭᠠᠨ ᠰᠤᠷᠭᠠᠯᠳᠠ ᠳᠤ ᠠᠰᠢᠭᠯᠠᠵᠤ ᠬᠡᠷᠡᠭᠯᠡᠬᠦ ᠪᠤᠯᠤᠮᠵᠢ ᠪᠠ ᠤᠷᠤᠨ ᠵᠠᠢ ᠦᠷᠭᠡᠨ ᠪᠠᠢ᠌ᠨ᠎ᠠ᠃ |
原文 |
查看原文
|
出自 |
赤峰学院学报(蒙文哲学社会科学版)
2015年
第5期
|