题名 |
ᠠᠲᠤᠭᠤ ᠲᠠᠢ ᠬᠣᠯᠪᠤᠭᠳᠠᠭᠰᠠᠨ ᠬᠡᠪᠰᠢᠮᠡᠯ ᠬᠡᠯᠡᠯᠭᠡ ᠳᠤ ᠠᠭᠤᠯᠤᠭᠳᠠᠭᠰᠠᠨ ᠰᠣᠶᠣᠯ ᠤᠨ ᠰᠢᠨᠵᠢ |
作者 |
ᠦᠨᠡᠨᠰᠡᠴᠡᠨ |
关键词 |
ᠠᠳᠤᠭᠤ; ᠬᠡᠪᠰᠢᠮᠠᠯ ᠬᠡᠯᠡᠯᠭᠡ; ᠮᠣᠩᠭ᠋ᠤᠯ ᠦᠨᠳᠦᠰᠦᠲᠡᠨ; ᠰᠣᠶᠣᠯ |
摘要 |
ᠦᠨᠳᠦᠰᠦᠲᠡᠨ ᠨᠤᠭᠦᠳ ᠤᠨ ᠡᠭᠦᠳᠦᠨ ᠪᠦᠲᠦᠭᠡᠭ᠍ᠰᠡᠨ ᠰᠣᠶᠣᠯ ᠨᠢ ᠦᠪᠡᠷ ᠦᠪᠡᠷ ᠤᠨ ᠦᠪᠡᠷᠮᠢᠴᠡ ᠣᠨᠴᠠᠯᠢᠭ ᠲᠠᠢ ᠪᠠᠢᠢᠵᠤ᠂ ᠡᠨᠡ ᠬᠦ ᠦᠪᠡᠷᠮᠢᠴᠡ ᠣᠨᠴᠠᠯᠢᠭ ᠨᠢ ᠲᠤᠰ ᠦᠨᠳᠦᠰᠦᠲᠡᠨ ᠤ ᠬᠡᠯᠡᠨ ᠳᠤ ᠲᠤᠰᠬᠠᠭᠳᠠᠵᠤ ᠪᠠᠢᠳᠠᠭ᠃ ᠦᠨᠳᠦᠰᠦᠲᠡᠨ ᠤ ᠬᠡᠯᠡ ᠨᠢ ᠲᠣᠬᠠᠢ ᠶᠢᠨ ᠦᠨᠳᠦᠰᠦᠲᠡᠨ ᠤ ᠬᠠᠮᠤᠭ ᠤᠨ ᠴᠢᠬᠤᠯᠠ ᠬᠠᠷᠢᠯᠴᠠᠭᠠᠨ ᠤ ᠪᠠᠭᠠᠵᠢ ᠪᠣᠯᠬᠤ ᠪᠦᠭᠡᠳ ᠦᠨᠳᠦᠰᠦᠲᠡᠨ ᠤ ᠰᠣᠶᠣᠯ ᠤᠨ ᠲᠤᠰᠬᠠᠯ ᠲᠣᠯᠢ ᠪᠣᠯᠬᠤ ᠤᠴᠢᠷ ᠡᠴᠡ ᠬᠡᠯᠡ ᠵᠢ ᠪᠠᠰᠠ ᠰᠣᠶᠣᠯ ᠤᠨ ᠲᠠᠯ ᠠ ᠪᠡᠷ ᠵᠠᠳᠠᠯᠵᠤ ᠪᠣᠯᠳᠠᠭ᠃ ᠬᠡᠪᠰᠢᠮᠡᠯ ᠬᠡᠯᠡᠯᠭᠡ ᠨᠢ ᠮᠣᠩᠭ᠋ᠤᠯᠴᠤᠳ ᠤᠨ ᠤᠷᠲᠤ ᠤᠳᠠᠭᠠᠨ ᠠᠮᠢᠳᠤᠷᠠᠯ ᠤᠨ ᠶᠠᠪᠤᠴᠠ ᠳᠤ ᠵᠣᠬᠢᠶᠠᠭᠳᠠᠵᠤ᠂ ᠬᠡᠷᠡᠭᠯᠡᠭᠳᠡᠨ ᠤᠯᠠᠮᠵᠢᠯᠠᠭᠳᠠᠵᠤ ᠢᠷᠡᠭᠰᠡᠨ ᠠᠷᠠᠳ ᠲᠦᠮᠡᠨ ᠤ ᠣᠶᠤᠨ ᠤ ᠲᠠᠯᠠᠰᠲᠤ ᠪᠣᠯᠬᠤᠷ ᠲᠡᠭᠦᠨ ᠳᠤ ᠮᠣᠩᠭ᠋ᠤᠯ ᠦᠨᠳᠦᠰᠦᠲᠡᠨ ᠤ ᠵᠠᠩ ᠦᠢᠯᠡ᠂ ᠶᠣᠰᠤ ᠰᠤᠷᠲᠠᠬᠤᠨ᠂ ᠠᠮᠢᠳᠤᠷᠠᠯ ᠤᠨ ᠪᠠᠢᠢᠳᠠᠯ᠂ ᠦᠵᠡᠯ ᠤᠬᠠᠮᠰᠠᠷ᠂ ᠭᠦᠨ ᠤᠬᠠᠭᠠᠨ ᠵᠡᠷᠭᠡ ᠲᠤᠩ ᠣᠯᠠᠨ ᠲᠠᠯ ᠠ ᠲᠤᠰᠬᠠᠭᠳᠠᠵᠤ ᠪᠠᠢᠢᠳᠠᠭ᠃ |
原文 |
查看原文
|
出自 |
中国蒙古学
2012年
第2期
|