题名 |
ᠮᠤᠩᠭᠤᠯ ᠬᠡᠯᠡᠨ ᠦ ᠰᠤᠷᠠᠭ ᠵᠠᠩᠭᠢ ᠰᠢᠢᠳᠪᠦᠷᠢᠯᠡᠯᠲᠡ ᠶᠢᠨ ᠲᠠᠨᠢᠯᠲᠠ ᠶᠢᠨ ᠮᠠᠲ᠋ᠧᠷᠢᠶᠠᠯ ᠤᠨ ᠰᠠᠩ ᠢ ᠬᠠᠮᠢᠶᠠᠷᠬᠤ ᠰᠢᠰᠲ᠋ᠧᠮ ᠤᠨ ᠲᠦᠰᠦᠪᠯᠡᠯᠲᠡ |
作者 |
ᠬᠠᠰ; ᠨᠠᠰᠤᠬᠤᠷᠲᠤ |
关键词 |
ᠮᠤᠩᠭᠤᠯ ᠬᠡᠯᠡ; ᠰᠤᠷᠠᠭ ᠵᠠᠩᠭᠢ ᠶᠢᠨ ᠰᠢᠢᠳᠪᠦᠷᠢᠯᠡᠯᠲᠡ; ᠲᠠᠨᠢᠯᠲᠠ ᠶᠢᠨ ᠮᠠᠲ᠋ᠧᠷᠢᠶᠠᠯ ᠤᠨ ᠰᠠᠩ; ᠬᠠᠮᠢᠶᠠᠷᠤᠯᠲᠠ ᠶᠢᠨ ᠰᠢᠰᠲ᠋ᠧᠮ |
摘要 |
ᠮᠤᠨᠭᠭᠤᠯ ᠬᠡᠯᠡᠨ ᠦ ᠰᠤᠷᠠᠭ ᠵᠠᠩᠭᠢ ᠶᠢᠨ ᠰᠢᠢᠳᠪᠦᠷᠢᠯᠡᠯᠲᠡ ᠶᠢᠨ ᠠᠵᠢᠯ 30 ᠭᠠᠳ ᠵᠢᠯ ᠦᠨ ᠬᠦᠭ᠍ᠵᠢᠯᠲᠡ ᠪᠡᠷ ᠳᠠᠮᠵᠢᠭᠠᠳ ᠤᠯᠠᠨ ᠠᠷᠪᠢᠨ ᠠᠮᠵᠢᠯᠲᠠ ᠶᠢ ᠤᠯᠤᠭᠰᠠᠨ ᠶᠤᠮ᠃ ᠡᠳᠡᠭᠡᠷ ᠦᠷ᠎ᠡ ᠪᠦᠲᠦᠭᠡᠯ ᠢ ᠲᠠᠨᠢᠵᠤ᠂ ᠤᠯᠠᠮ ᠴᠠᠭᠠᠰᠢᠲᠠ ᠭᠦᠨᠵᠡᠭᠡᠶᠢᠷᠡᠭᠦᠯᠦᠨ ᠰᠤᠳᠤᠯᠬᠤ ᠪᠤᠯ ᠬᠠᠮᠢᠶ᠎ᠠ ᠪᠦᠬᠦᠢ ᠬᠡᠯᠡ ᠪᠢᠴᠢᠭ᠌ ᠦᠨ ᠠᠵᠢᠯᠲᠠᠳ ᠤᠨ ᠴᠢᠬᠤᠯᠠ ᠡᠭᠦᠷᠭᠡ ᠪᠤᠯᠤᠨ᠎ᠠ᠃ ᠡᠨᠡ ᠬᠦ ᠰᠤᠷᠴᠤ ᠰᠤᠳᠤᠯᠬᠤ ᠠᠵᠢᠯ ᠳᠤ ᠳᠤᠰᠠ ᠳᠡᠮᠵᠢᠯᠭᠡ ᠪᠤᠯᠭᠠᠬᠤ ᠶᠢᠨ ᠲᠦᠯᠦᠭᠡ ᠪᠢᠳᠡ ᠮᠤᠨᠭᠭᠤᠯ ᠬᠡᠯᠡᠨ ᠦ ᠰᠤᠷᠠᠭ ᠵᠠᠩᠭᠢ ᠰᠢᠢᠳᠪᠦᠷᠢᠯᠡᠯᠲᠡ ᠶᠢᠨ ᠲᠠᠨᠢᠯᠲᠠ ᠶᠢᠨ ᠮᠠᠲ᠋ᠧᠷᠢᠶᠠᠯ ᠤᠨ ᠰᠠᠩ ᠢ ᠬᠠᠮᠢᠶᠠᠷᠬᠤ ᠰᠢᠰᠲ᠋ᠧᠮ ᠢ ᠲᠦᠰᠦᠪᠯᠡᠵᠦ ᠵᠤᠬᠢᠶᠠᠪᠠ᠃ ᠲᠤᠰ ᠦᠭᠦᠯᠡᠯ ᠳᠦ ᠭᠤᠤᠯᠳᠠᠭᠤ ᠮᠤᠨᠭᠭᠤᠯ ᠬᠡᠯᠡᠨ ᠦ ᠰᠤᠷᠠᠭ ᠵᠠᠩᠭᠢ ᠰᠢᠢᠳᠪᠦᠷᠢᠯᠡᠯᠲᠡ ᠶᠢᠨ ᠲᠤᠬᠠᠢ ᠲᠠᠨᠢᠯᠲᠠ ᠶᠢᠨ ᠮᠠᠲ᠋ᠧᠷᠢᠶᠠᠯ ᠤᠨ ᠰᠠᠩ ᠵᠢᠴᠢ ᠲᠡᠭᠦᠨ ᠢ ᠬᠠᠮᠢᠶᠠᠷᠬᠤ ᠰᠢᠰᠲ᠋ᠧᠮ ᠢ ᠪᠠᠶᠢᠭᠤᠯᠬᠤ ᠴᠢᠬᠤᠯᠠ ᠴᠢᠨᠠᠷ ᠢ ᠦᠭᠦᠯᠡᠵᠦ᠂ ᠰᠢᠰᠲ᠋ᠧᠮ ᠦᠨ ᠦᠨᠳᠦᠰᠦᠨ ᠦᠢᠯᠡᠳᠦᠯ᠂ ᠪᠦᠲᠦᠴᠡ ᠬᠢᠭᠡᠳ ᠬᠡᠷᠬᠢᠨ ᠵᠤᠬᠢᠶᠠᠨ ᠪᠡᠶᠡᠯᠡᠭᠦᠯᠦᠭᠰᠡᠨ ᠠᠷᠭ᠎ᠠ ᠵᠠᠮ ᠤᠨ ᠲᠤᠬᠠᠢ ᠭᠤᠤᠯᠴᠢᠯᠠᠨ ᠲᠠᠨᠢᠯᠴᠠᠭᠤᠯᠪᠠ᠃ |
原文 |
查看原文
|
出自 |
中国蒙古学
2010年
第4期
|