论文信息


题名 ᠨᠤᠲᠤᠭ ᠤᠰᠤᠨ ᠤ ᠤᠷᠠᠨ ᠵᠤᠬᠢᠶᠠᠯ ᠤᠨ ᠤᠬᠠᠭᠳᠠᠬᠤᠨ ᠤ ᠬᠦᠷᠢᠶ᠎ᠡ ᠴᠠᠷᠠᠭ᠎ᠠ ᠬᠢᠭᠡᠳ ᠦᠨᠳᠦᠰᠦ ᠰᠤᠷᠪᠤᠯᠵᠢ
作者 ᠬᠠ‍᠂ ᠤᠯᠠᠭᠠᠨᠪᠠᠭᠠᠲᠤᠷ
关键词 ᠰᠤᠶᠤᠯ ᠤᠨ ᠴᠠᠭᠠᠷᠢᠭ; ᠨᠤᠲᠤᠭ ᠤᠰᠤᠨ ᠤ ᠤᠷᠠᠨ ᠵᠤᠬᠢᠶᠠᠯ; ᠬᠦᠷᠢᠶ᠎ᠡ ᠴᠠᠷᠠᠭ᠎ᠠ
摘要 ᠮᠣᠩ᠋ᠭᠤᠯ ᠤᠷᠠᠨ ᠵᠤᠬᠢᠶᠠᠯ ᠤᠨ ᠬᠦᠷᠢᠶᠡᠨ ᠳᠡᠬᠢ ᠨᠤᠲᠤᠭ ᠤᠰᠤᠨ ᠤ ᠤᠷᠠᠨ ᠵᠤᠬᠢᠶᠠᠯ ᠤᠨ ᠦᠵᠡᠭᠳᠡᠯ ᠪᠤᠯ ᠮᠣᠩ᠋ᠭᠤᠯ ᠤᠷᠠᠨ ᠵᠤᠬᠢᠶᠠᠯ ᠤᠨ ᠬᠦᠭ᠍ᠵᠢᠯᠲᠡ ᠶᠢᠨ ᠪᠡᠯᠭᠡ ᠲᠡᠮᠳᠡᠭ ᠮᠦᠨ᠃ ᠤᠷᠢ ᠵᠠᠯᠠᠭᠤ ᠨᠠᠰᠤᠨ ᠳᠠᠭᠠᠨ ᠪᠠᠢ᠌ᠭ᠎ᠠ ᠡᠨᠡ ᠬᠦ ᠬᠡᠷᠡᠭ ᠪᠤᠳᠠᠰ ᠨᠢ ᠪᠤᠢ ᠪᠤᠯᠤᠭᠰᠠᠨ ᠴᠠᠭ ᠠᠴᠠ ᠠᠨ ᠠᠪᠤᠭᠠᠳ ᠵᠤᠬᠢᠶᠠᠯᠴᠢ ᠰᠢᠭᠦᠮᠵᠢᠯᠡᠭᠴᠢᠳ ᠦᠨ ᠠᠩ᠋ᠬᠠᠷᠤᠯ ᠢ ᠬᠦᠴᠦᠲᠡᠢ ᠲᠠᠲᠠᠵᠤ᠂ ᠣᠨᠣᠯ ᠦᠢᠯᠡᠳᠦᠯᠭᠡ ᠶᠢᠨ ᠲᠠᠯ᠎ᠠ ᠪᠠᠷ ᠬᠢ ᠰᠤᠳᠤᠯᠭᠠᠨ ᠮᠠᠰᠢ ᠬᠦᠭ᠍᠍ᠵᠢᠶᠡᠨᠲᠡᠢ ᠶᠠᠪᠤᠭᠳᠠᠯ᠎ᠠ᠃ ᠭᠡᠪᠡᠴᠦ ᠣᠳᠣ ᠪᠤᠯᠲᠠᠯ᠎ᠠ ᠨᠤᠲᠤᠭ ᠤᠰᠤᠨ ᠤ ᠤᠷᠠᠨ ᠵᠤᠬᠢᠶᠠᠯ ᠤᠨ ᠤᠬᠠᠭᠳᠠᠬᠤᠨ ᠤ ᠲᠤᠬᠠᠢ ᠡᠷᠳᠡᠮᠲᠡᠳ ᠦᠨ ᠰᠠᠨᠠᠯ ᠬᠠᠷᠠᠬᠠᠨ ᠨᠢᠭᠡᠲᠦᠭᠡ ᠦᠭᠡᠢ ᠪᠠᠢ᠌ᠭᠰᠠᠭᠠᠷ᠃ ᠪᠢᠳᠡ ᠰᠤᠶᠤᠯ ᠤᠨ ᠴᠠᠭᠠᠷᠢᠭ ᠤᠨ ᠣᠨᠣᠯ ᠢᠶᠠᠷ ᠲᠡᠭᠦᠨ ᠦ ᠪᠤᠢ ᠪᠤᠯᠤᠭᠰᠠᠨ ᠦᠨᠳᠦᠰᠦ ᠰᠤᠷᠪᠤᠯᠵᠢ ᠪᠠ ᠤᠬᠠᠭᠳᠠᠬᠤᠨ ᠤ ᠬᠦᠷᠢᠶ᠎ᠡ ᠴᠠᠷᠠᠭ᠎ᠠ ᠶᠢ ᠨᠢ ᠲᠠᠢ᠌ᠯᠪᠤᠷᠢᠯᠠᠪᠠᠯ ᠪᠤᠰᠤᠳᠴᠢ ᠦᠷ᠎ᠡ ᠳ᠋ᠦᠩ ᠢ ᠣᠯᠬᠤ ᠪᠤᠯᠤᠮᠵᠢ ᠪᠤᠢ᠃ ᠦᠭᠦᠯᠡᠯ ᠳᠦ ᠡᠷᠳᠡᠮᠲᠡᠳ ᠦᠨ ᠰᠤᠳᠤᠯᠭᠠᠨ ᠤ ᠦᠷ᠎ᠡ ᠪᠦᠲᠦᠭᠡᠯ ᠳᠦ ᠲᠤᠯᠭᠠᠭᠤᠷᠢᠯᠠᠭᠤᠯᠤᠨ ᠨᠤᠲᠤᠭ ᠤᠰᠤᠨ ᠤ ᠤᠷᠠᠨ ᠵᠤᠬᠢᠶᠠᠯ ᠤᠨ ᠪᠤᠢ ᠪᠤᠯᠤᠭᠰᠠᠨ ᠦᠨᠳᠦᠰᠦ ᠰᠤᠷᠪᠤᠯᠵᠢ ᠪᠠ ᠤᠬᠠᠭᠳᠠᠬᠤᠨ ᠤ ᠬᠦᠷᠢᠶ᠎ᠡ ᠴᠠᠷᠠᠭ᠎ᠠ ᠶᠢ ᠮᠠᠭᠠᠳᠯᠠᠬᠤ ᠶᠢ ᠵᠤᠷᠢᠪᠠ᠃
原文 查看原文
出自 中国蒙古学 2006年 第4期

联系我们


内蒙古大学图书馆
呼和浩特市大学西路235号
中国·内蒙古
P: (0471) 4992561
E: huangfeilong@imu.edu.cn