摘要 |
ᠦᠭᠦᠯᠡᠯ ᠳᠦ ᠰᠤᠶᠤᠯ ᠤᠨ ᠵᠤᠷᠢᠭ ᠰᠠᠨᠠᠭ᠎ᠠ ᠪᠤᠯ ᠦᠨᠳᠦᠰᠦᠲᠡᠨ ᠦ ᠰᠤᠶᠤᠯ ᠤᠨ ᠤᠯᠠᠮᠵᠢᠯᠠᠯ ᠤᠨ ᠭᠦᠨ ᠳᠠᠪᠬᠤᠷᠭ᠎ᠠ ᠶᠢᠨ ᠠᠭᠤᠯᠭ᠎ᠠ ᠶᠤᠮ᠃ ᠦᠨᠳᠦᠰᠦᠲᠡᠨ ᠦ ᠤᠯᠠᠮᠵᠢᠯᠠᠯ ᠢᠶᠠᠨ ᠵᠠᠯᠭᠠᠮᠵᠢᠯᠠᠬᠤ ᠭᠡᠳᠡᠭ ᠦᠨ ᠡᠴᠢᠨ᠎ᠠ ᠤᠳᠬ᠎ᠠ ᠨᠢ ᠰᠤᠶᠤᠯ ᠤᠨ ᠵᠤᠷᠢᠭ ᠰᠠᠨᠠᠭ᠎ᠠ ᠪᠠᠨ ᠵᠠᠯᠭᠠᠮᠵᠢᠯᠠᠨ ᠲᠡᠭᠦᠨ ᠢ ᠰᠢᠨ᠎ᠡ ᠪᠠᠢ᠌ᠳᠠᠯ ᠳᠤᠤᠷ᠎ᠠ ᠳᠠᠬᠢᠵᠤ ᠴᠤᠭᠴᠠᠯᠠᠬᠤ ᠶᠠᠪᠤᠳᠠᠯ ᠪᠤᠯᠤᠨ᠎ᠠ᠃ ᠣᠳᠣ ᠦᠶ᠎ᠡ ᠶᠢᠨ ᠮᠣᠩ᠋ᠭᠤᠯ ᠰᠢᠯᠦᠭ ᠨᠢ ᠬᠦᠴᠦᠷᠬᠡᠭ᠌ ᠶᠡᠬᠡ ᠤᠯᠤᠰ ᠲᠦᠷᠦ ᠶᠢᠨ ᠡᠵᠡᠮᠳᠡᠯ ᠳᠤᠤᠷ᠎ᠠ ᠬᠢᠵᠠᠭᠠᠷᠲᠠᠢ ᠲᠡᠯᠴᠢᠯᠡᠯᠲᠡ ᠬᠢᠵᠦ ᠦᠨᠳᠦᠰᠦᠲᠡᠨ ᠦ ᠰᠤᠶᠤᠯ ᠤᠨ ᠵᠤᠷᠢᠭ ᠰᠠᠨᠠᠭ᠎ᠠ ᠪᠠᠨ ᠨᠢᠭᠤᠴᠠᠯᠠᠨ ᠬᠠᠳᠠᠭᠠᠯᠠᠵᠤ ᠢᠷᠡᠵᠡᠢ᠃ ᠬᠡᠷᠪᠡ ᠣᠳᠣ ᠦᠶ᠎ᠡ ᠶᠨ ᠮᠣᠩ᠋ᠭᠤᠯ ᠰᠢᠯᠦᠭ ᠢ ᠤᠯᠠᠮᠵᠢᠯᠠᠯ ᠢᠶᠠᠨ ᠵᠠᠯᠭᠠᠮᠵᠢᠯᠠᠵᠠᠢ ᠭᠡᠳᠡᠭ ᠪᠤᠯ ᠰᠤᠶᠤᠯ ᠤᠨ ᠵᠤᠷᠢᠭ ᠰᠠᠨᠠᠭᠠᠨ ᠤ ᠵᠠᠯᠭᠠᠮᠵᠢᠯᠠᠯ ᠪᠠ ᠤᠯᠠᠮᠵᠢᠯᠠᠯ ᠨᠢ ᠲᠡᠭᠦᠨ ᠦ ᠬᠠᠮᠤᠭ ᠴᠢᠬᠤᠯᠠ ᠪᠦᠲᠦᠮᠵᠢ ᠶᠢᠨ ᠨᠢᠭᠡ ᠪᠠᠢ᠌ᠵᠤ ᠲᠠᠭᠠᠷᠠᠨ᠎ᠠ ᠭᠡᠵᠦ ᠦᠵᠡᠵᠡᠢ᠃ |