题名 |
ᠮᠤᠩᠭ᠋ᠤᠯ ᠠᠷᠠᠳ ᠤᠨ ᠠᠮᠠᠨ ᠵᠤᠬᠢᠶᠠᠯ ᠤᠨ ᠠᠮᠢ ᠠᠬᠤᠢ ᠶᠢᠨ ᠤᠬᠠᠮᠰᠠᠷ ᠤᠨ ᠡᠭᠦᠰᠦᠯ ᠪᠦᠷᠢᠯᠳᠦᠯ ᠵᠢᠴᠢ ᠲᠡᠭᠦᠨ ᠤ ᠢᠯᠡᠷᠡᠯ |
作者 |
ᠤᠳᠤᠨᠴᠢᠮᠡᠭ |
关键词 |
ᠮᠤᠩᠭ᠋ᠤᠯ ᠠᠷᠠᠳ ᠤᠨ ᠠᠮᠠᠨ ᠵᠤᠬᠢᠶᠠᠯ; ᠠᠮᠢ ᠠᠬᠤᠢ ᠶᠢᠨ ᠤᠬᠠᠮᠰᠠᠷ; ᠤᠷᠴᠢᠨ ᠲᠤᠭᠤᠷᠢᠨ |
摘要 |
ᠮᠤᠩᠭ᠋ᠤᠯ ᠠᠷᠠᠳ ᠤᠨ ᠠᠮᠠᠨ ᠵᠤᠬᠢᠶᠠᠯ ᠤᠨ ᠠᠮᠢ ᠠᠬᠤᠢ ᠶᠢᠨ ᠤᠬᠠᠮᠰᠠᠷ ᠨᠢ ᠮᠤᠩᠭ᠋ᠤᠯᠴᠤᠳ ᠤᠨ ᠠᠮᠠᠨ ᠵᠤᠬᠢᠶᠠᠯ ᠪᠦᠳᠦᠭᠡᠭ᠍ᠳᠡᠬᠦ ᠲᠠᠢ ᠵᠡᠷᠭᠡ ᠭᠤᠤᠯ ᠠᠭᠤᠯᠤᠭᠳᠠᠬᠤᠨ ᠪᠤᠯᠤᠭᠰᠠᠨ ᠪᠠᠢ᠌ᠨ᠎ᠠ᠃ ᠠᠮᠢ ᠠᠬᠤᠢ ᠶᠢᠨ ᠤᠬᠠᠮᠰᠠᠷ ᠪᠤᠯ ᠦᠨᠳᠦᠰᠦᠳᠡᠨ ᠤ ᠰᠤᠶᠤᠯ ᠳᠤ ᠨᠦᠯᠦᠭᠡᠯᠡᠭᠳᠡᠵᠦ᠂ ᠦᠪᠡᠷ ᠤᠨ ᠦᠨᠳᠦᠰᠦᠳᠡᠨ ᠤ ᠪᠠᠨ ᠰᠤᠶᠤᠯ ᠤᠨ ᠰᠢᠮ᠎ᠡ ᠲᠡᠵᠢᠭᠡᠯ ᠢ ᠬᠦᠷᠳᠡᠭᠰᠡᠨ ᠠᠷᠠᠳ ᠲᠦᠮᠡᠨ ᠤ ᠰᠠᠨᠠᠭᠠᠨ ᠤ ᠠᠶ᠎ᠠ ᠪᠡᠷ ᠢᠯᠡᠷᠡᠭᠰᠡᠨ ᠠᠭᠤᠰᠴᠤ ᠢᠳᠡᠭᠡᠰᠢᠭ᠍ᠰᠡᠨ ᠤᠬᠠᠮᠰᠠᠷ ᠪᠤᠯᠬᠤ ᠶᠤᠮ᠃ ᠠᠮᠢ ᠠᠬᠤᠢ ᠶᠢᠨ ᠶᠤᠰᠤ ᠵᠦᠢ ᠶᠢᠨ ᠡᠭᠦᠳᠡᠨ ᠡᠴᠡ ᠰᠢᠨᠵᠢᠯᠡᠪᠡᠯ᠂ ᠮᠤᠩᠭ᠋ᠤᠯ ᠤᠨ ᠦᠨᠳᠦᠷᠯᠢᠭ ᠤᠨ ᠪᠠᠢ᠌ᠭᠠᠯᠢ ᠶᠢᠨ ᠤᠷᠴᠢᠨ ᠲᠤᠭᠤᠷᠢᠨ᠂ ᠮᠤᠩᠭ᠋ᠤᠯᠴᠤᠳ ᠤᠨ ᠪᠠᠢ᠌ᠭᠠᠯᠢᠭ ᠲᠠᠨᠢᠯᠳᠠ ᠰᠡᠳᠭᠢᠬᠦᠢ᠂ ᠪᠠᠢ᠌ᠭᠠᠯᠢ ᠳᠤ ᠲᠦᠰᠢᠭᠯᠡᠭᠰᠡᠨ ᠤᠯᠠᠮᠵᠢᠯᠠᠯᠳᠤ ᠨᠡᠭᠦᠳᠡᠯ ᠮᠠᠯᠵᠢᠯ ᠤᠨ ᠠᠵᠤ ᠠᠬᠤᠢ ᠨᠢ ᠮᠤᠩᠭ᠋ᠤᠯ ᠠᠷᠠᠳ ᠤᠨ ᠠᠮᠠᠨ ᠵᠤᠬᠢᠶᠠᠯ ᠤᠨ ᠠᠮᠢ ᠠᠬᠤᠢ ᠶᠢᠨ ᠤᠬᠠᠮᠰᠠᠷ ᠤᠨ ᠡᠭᠦᠰᠦᠨ ᠪᠦᠷᠢᠯᠳᠦᠬᠦ ᠨᠦᠭᠦᠴᠡᠯ ᠪᠤᠯᠵᠤ᠂ ᠮᠤᠩᠭ᠋ᠤᠯᠴᠤᠳ ᠤᠨ ᠲᠡᠯᠡᠬᠡᠢ ᠳᠤ ᠬᠤᠤᠰ ᠦᠭᠡᠢ ᠠᠮᠢ ᠠᠬᠤᠢ ᠶᠢᠨ ᠤᠬᠠᠮᠰᠠᠷ ᠨᠢ ᠠᠶᠠᠨᠳᠠᠭᠠᠨ ᠦᠡᠪᠡᠷ ᠤᠨ ᠦᠨᠳᠦᠰᠦᠳᠡᠨ ᠤ ᠠᠮᠠᠨ ᠵᠤᠬᠢᠶᠠᠯ ᠳᠤ ᠦᠪᠡᠷᠮᠢᠴᠡ ᠬᠡᠯᠪᠡᠷᠢ ᠪᠡᠷ ᠢᠯᠡᠳᠭᠡᠭ᠍ᠳᠡᠨ᠂ ᠦᠨᠳᠦᠰᠦᠯᠡᠨ ᠨᠡᠪᠴᠢᠵᠦ᠂ ᠤᠯᠠᠮᠵᠢᠯᠠᠭᠳᠠᠨ ᠵᠠᠯᠭᠠᠮᠵᠢᠯᠠᠭᠳᠠᠭᠰᠠᠨ ᠪᠠᠢ᠌ᠨ᠎ᠠ᠃ |
原文 |
查看原文
|
出自 |
赤峰学院学报(蒙文哲学社会科学版)
2015年
第6期
|