摘要 |
ᠠᠵᠤ ᠠᠬᠤᠢ ᠶᠢᠨ ᠤᠬᠠᠭᠠᠨ ᠤ ᠬᠤᠪᠢ ᠡᠴᠡ 《ᠮᠣᠩᠭᠤᠯ ᠤᠨ ᠵᠠᠩ ᠠᠭᠠᠯᠢ ᠶᠢᠨ ᠤᠢᠯᠠᠪᠤᠷᠢ》 ᠵᠢ ᠰᠤᠳᠤᠯᠤᠭᠰᠠᠨ ᠤᠯᠤᠲᠠ ᠪᠠᠨ 《ᠯᠤᠪᠰᠠᠩᠴᠤᠢᠳᠠᠨ ᠤ ᠠᠵᠤ ᠠᠬᠤᠢ ᠶᠢᠨ ᠦᠵᠡᠯ ᠰᠠᠨᠠᠭᠠᠨ ᠤ ᠲᠣᠬᠠᠢ ᠠᠩᠬᠠᠨ ᠤ ᠰᠢᠨᠵᠢᠯᠡᠭᠡ》 ᠬᠡᠮᠡᠬᠦ ᠦᠭᠦᠯᠡᠯ ᠳ᠋ᠡ᠌ᠭᠡᠨ᠄ ᠡᠳ᠋ ᠪᠠᠶᠠᠯᠢᠭ ᠤᠨ ᠲᠣᠬᠠᠢ ᠦᠵᠡᠯᠲᠡ᠂ ᠠᠷᠠᠯᠵᠢᠶ ᠠ ᠬᠤᠳᠠᠯᠳᠤᠭᠠᠨ ᠤ ᠲᠣᠬᠠᠢ ᠲᠠᠨᠢᠯᠲᠠ᠂ ᠮᠠᠯ ᠠᠵᠤ ᠠᠬᠤᠢ ᠶᠢᠨᠡᠵᠡᠩᠨᠡᠯᠲᠡ ᠬᠠᠮᠢᠶᠠᠷᠤᠯᠲᠠ ᠶᠢᠨ ᠲᠣᠬᠠᠢ ᠲᠤᠷᠰᠢᠯᠭ᠎ᠠ ᠶᠢᠨ ᠳ᠋ᠦᠩᠨᠡᠯᠲᠡ ᠵᠡᠷᠭᠡ ᠬᠡᠳᠦᠨ ᠲᠠᠯ ᠠ ᠪᠡᠷ ᠬᠤᠷᠢᠶᠠᠩᠭᠤᠢᠯᠠᠵᠤ᠂ ᠲᠦᠭᠦᠮ ᠵᠠᠳᠠᠯᠤᠯᠤᠲᠠ ᠬᠢᠵᠦ ᠦᠩᠭᠡᠷᠡᠵᠡᠢ᠃ ᠡᠨᠲᠡ ᠭᠤᠤᠯᠳᠠᠭᠤ ᠲᠡᠭᠦᠨ ᠤ ᠠᠵᠤ ᠠᠬᠤᠢ ᠶᠢᠨ ᠵᠦᠷᠢᠴᠡᠯ ᠤᠨ ᠲᠣᠬᠠᠢ ᠲᠠᠨᠢᠯᠲᠠ ᠬᠢᠭᠡᠳ ᠠᠵᠤ ᠠᠬᠤᠢ ᠶᠢᠨ ᠲᠠᠯ ᠠ ᠡᠴᠡ ᠤᠴᠢᠵᠦ ᠪᠣᠷᠬᠠᠨ ᠱᠠᠰᠢᠨ ᠢ ᠰᠢᠬᠦᠮᠵᠢᠯᠡᠭᠰᠡᠨ ᠵᠡᠷᠭᠡ ᠵᠢ ᠦᠬᠦᠯᠡᠬᠦ ᠪᠣᠯᠤᠨ᠎ᠠ᠃ ᠡᠨᠡ ᠨᠢ ᠮᠦᠨ ᠴᠦ ᠲᠡᠭᠦᠨ ᠤ ᠠᠵᠤ ᠠᠬᠤᠢ ᠶᠢᠨ ᠦᠵᠡᠯ ᠰᠠᠨᠠᠭᠠᠨ ᠤ ᠬᠢᠨᠢ ᠴᠢᠬᠤᠯᠠ ᠪᠦᠷᠢᠯᠳᠦᠭᠦᠨ ᠬᠡᠰᠡᠭ ᠨᠢ ᠪᠣᠯᠬᠤ ᠶᠣᠮ᠃ |