题名 |
ᠬᠠᠤᠯᠢ ᠶᠢᠨ ᠤᠬᠠᠭᠠᠨ ᠤ ᠬᠠᠷᠠᠭᠠᠨ ᠠᠴᠠ 《ᠬᠤᠷᠠᠯᠲᠠᠢ ᠶᠢᠨ ᠳᠦᠷᠢ》᠋ ᠢ ᠰᠢᠨᠵᠢᠯᠡᠬᠦ ᠨᠢ (ᠨᠢᠭᠡ) — 《ᠬᠤᠷᠠᠯᠲᠠᠢ ᠶᠢᠨ ᠳᠦᠷᠢᠮ》᠋ ᠦᠨ ᠡᠭᠦᠰᠦᠯ ᠪᠡ ᠭᠤᠤᠯ ᠠᠭᠤᠯᠭ᠎ᠠ ᠶᠢᠨ ᠲᠤᠬᠠᠢ ᠦᠭᠦᠯᠡᠬᠦ ᠨᠢ |
作者 |
ᠲᠡᠮᠦᠷᠪᠤᠯᠤᠳ; ᠤᠷᠢᠬᠠᠨ |
关键词 |
《ᠮᠣᠩ᠋ᠭᠤᠯ ᠤᠨ ᠨᠢᠭᠤᠴᠠ ᠲᠤᠪᠴᠢᠶᠠᠨ》; ᠬᠤᠷᠠᠯᠲᠠᠢ ᠶᠢᠨ ᠳᠦᠷᠢᠮ; ᠴᠢᠬᠤᠯᠠ ᠬᠠᠤᠯᠢ ᠴᠠᠭᠠᠵᠠ ᠶᠢᠨ ᠳᠦᠷᠢᠮ; ᠡᠭᠦᠰᠦᠯ ᠬᠦᠭ᠍ᠵᠢᠯ; ᠭᠤᠤᠯ ᠠᠭᠤᠯᠭ᠎ᠠ |
摘要 |
ᠮᠣᠩ᠋ᠭᠤᠯ ᠦᠨᠳᠦᠰᠦᠲᠡᠨ ᠦ 《ᠬᠤᠷᠠᠯᠲᠠᠢ ᠶᠢᠨ ᠳᠦᠷᠢᠮ》ᠨᠢ ᠳᠡᠭᠡᠳᠦ ᠡᠷᠬᠡᠲᠦ ᠪᠠᠢ᠌ᠭᠤᠯᠭ᠎ᠠ ᠪᠤᠯᠤᠭᠰᠠ ᠤ ᠬᠤᠪᠢ ᠳᠤ᠂ ᠤᠯᠤᠰ ᠪᠠ ᠨᠡᠢ᠌ᠭᠡᠮ ᠦᠨ ᠴᠢᠬᠤᠯᠠ ᠶᠡᠬᠡ ᠬᠡᠷᠡᠭ ᠶᠠᠪᠤᠳᠠᠯ ᠤᠳ ᠢ ᠲᠤᠭᠲᠠᠭᠠᠬᠤ ᠰᠢᠨ᠎ᠡ ᠬᠠᠤᠯᠢ ᠴᠠᠭᠠᠵᠠ ᠶᠢ ᠵᠠᠷᠯᠠᠨ ᠨᠡᠢ᠌ᠲᠡᠯᠡᠬᠦ ᠵᠡᠷᠭᠡ ᠨᠢ ᠪᠦᠷ ᠲᠡᠭᠦᠨ ᠢ ᠳᠠᠮᠵᠢᠪᠠᠯ ᠰᠠᠶᠢ ᠶᠠᠪᠤᠭᠳᠠᠵᠤ ᠴᠢᠳᠠᠳᠠᠭ᠃ ᠮᠣᠩ᠋ᠭᠤᠯ ᠦᠨᠳᠦᠰᠦᠲᠡᠨ ᠦ ᠡᠷᠲᠡᠨ ᠦ 《ᠬᠤᠷᠠᠯᠲᠠᠢ ᠶᠢᠨ ᠳᠦᠷᠢᠮ》ᠨᠢ ᠳᠣᠡᠭᠡᠳᠦ ᠡᠷᠬᠡᠲᠦ ᠪᠠᠢ᠌ᠭᠤᠯᠤᠮᠵᠢ ᠪᠤᠯᠬᠤ ᠪᠠᠷ ᠪᠠᠷᠠᠬᠤ ᠦᠭᠡᠢ ᠪᠠᠰᠠ ᠬᠠᠮᠤᠭ ᠤᠨ ᠳᠡᠭᠡᠳᠦ ᠬᠠᠤᠯᠢ ᠲᠤᠭᠲᠠᠭᠠᠬᠤ ᠪᠠᠢ᠌ᠭᠤᠯᠤᠮᠵᠢ ᠬᠢᠭᠡᠳ ᠰᠢᠭᠦᠨ ᠲᠠᠰᠤᠯᠬᠤ ᠪᠠᠢ᠌ᠭᠤᠯᠤᠮᠵᠢ ᠪᠤᠯᠤᠨ᠎ᠠ᠃ ᠣᠯᠠᠨ ᠠᠷᠪᠢᠨ ᠵᠠᠩᠰᠢᠯ ᠲᠡᠭᠦᠨ ᠦ ᠵᠦᠪᠰᠢᠶᠡᠷᠡᠯ ᠢ ᠳᠠᠮᠵᠢᠪᠠᠯ ᠰᠠᠶᠢ ᠬᠠᠤᠯᠢ ᠴᠠᠭᠠᠵᠠ ᠪᠤᠯᠵᠤ ᠬᠤᠪᠢᠷᠠᠨ᠂ ᠲᠦᠭᠡᠮᠡᠯ ᠬᠢᠵᠠᠭᠠᠷᠯᠠᠬᠤ ᠬᠦᠴᠦᠨ ᠲᠡᠢ ᠪᠤᠯᠳᠠᠭ᠃ ᠦᠭᠦᠯᠡᠯ ᠳᠦ ᠬᠠᠤᠯᠢ ᠶᠢᠨ ᠤᠬᠠᠭᠠᠨ ᠤ ᠬᠠᠷᠠᠭᠠᠨ ᠠᠴᠠ 《ᠮᠣᠩ᠋ᠭᠤᠯ ᠤᠨ ᠨᠢᠭᠤᠴᠠ ᠲᠤᠪᠴᠢᠶᠠᠨ》᠂ 《ᠰᠤᠳᠤᠷ ᠤᠨ ᠴᠢᠭᠤᠯᠭᠠᠨ》ᠵᠡᠷᠭᠡ ᠲᠤᠯᠭᠤᠷ ᠪᠢᠴᠢᠭ᠌ ᠢ ᠦᠨᠳᠦᠰᠦᠯᠡᠨ ᠶᠡᠬᠡ ᠮᠣᠩ᠋ᠭᠤᠯ ᠤᠯᠤᠰ ᠤᠨ ᠴᠢᠬᠤᠯᠠ ᠬᠠᠤᠯᠢ ᠴᠠᠭᠠᠵᠠ ᠶᠢᠨ ᠳᠦᠷᠢᠮ ᠪᠤᠯᠬᠤ 《ᠬᠤᠷᠠᠯᠲᠠᠢ ᠶᠢᠨ ᠳᠦᠷᠢᠮ》᠋ ᠦᠨ ᠡᠭᠦᠰᠦᠯ ᠭᠠᠷᠤᠯ᠂ ᠭᠤᠤᠯ ᠠᠭᠤᠯᠭ᠎ᠠ ᠶᠢ ᠬᠠᠤᠯᠢ ᠶᠢᠨ ᠤᠬᠠᠭᠠᠨ ᠤ ᠬᠠᠷᠠᠭᠠᠨ ᠠᠴᠠ ᠨᠤᠲᠠᠯᠠᠨ ᠲᠤᠳᠤᠷᠬᠠᠢ᠌ᠯᠠᠵᠠᠢ᠃ |
原文 |
查看原文
|
出自 |
中国蒙古学
2013年
第2期
|