题名 |
《ᠬᠦᠬᠡᠬᠤᠲᠠ ᠶᠢᠨ ᠲᠡᠦᠬᠡᠨ ᠮᠣᠩᠭᠤᠯ ᠰᠤᠷᠪᠤᠯᠵᠢ ᠪᠢᠴᠢᠭ》 ᠲᠡᠬᠢ ᠬᠦᠬᠡᠬᠤᠲᠠ ᠲᠦᠮᠡᠳ ᠣᠷᠤᠨ ᠤ ᠯᠠᠮᠠ ᠨᠠᠷ ᠤᠨ ᠡᠬᠡᠨᠡᠷ ᠠᠪᠬᠤ ᠶᠢ ᠴᠠᠭᠠᠵᠠᠯᠠᠭᠰᠠᠨ ᠪᠢᠴᠢᠭ ᠢ ᠰᠢᠨᠵᠢᠯᠡᠬᠦ ᠨᠢ |
作者 |
ᠮᠠᠩᠭᠤᠳ ᠡᠷᠳᠡᠨᠢᠪᠠᠭᠠᠲᠤᠷ |
关键词 |
ᠴᠠᠭᠠᠵᠠᠯᠠᠯ ᠪᠢᠴᠢᠭ; ᠮᠣᠩᠭᠤᠯ ᠬᠢᠲᠠᠳ ᠤᠨ ᠵᠦᠷᠢᠴᠡᠯ; ᠰᠦᠮ ᠡ ᠬᠡᠶᠢᠳ ᠦᠨ ᠠᠵᠤ ᠠᠬᠤᠢ; ᠤᠯᠠᠭᠠᠨ ᠰᠢᠷ᠎ᠠ ᠶᠢᠨ ᠲᠡᠮᠡᠴᠡᠯᠳᠦᠭᠡᠨ |
摘要 |
1578 ᠣᠨ ᠳᠤ ᠬᠦᠬᠡᠨᠠᠭᠤᠷ ᠤᠨ ᠴᠡᠪᠴᠢᠶᠠᠯ ᠰᠦᠮ ᠡ ᠳᠦ ᠠᠯᠲᠠᠨ ᠬᠠᠭᠠᠨ ᠢᠶᠠᠷ ᠲᠦᠯᠦᠭᠡᠯᠡᠭᠦᠯᠦᠭᠰᠡᠨ ᠮᠣᠩᠭᠤᠯ ᠤᠨ ᠪᠠᠷᠠᠭᠤᠨ ᠭᠤᠷᠪᠠᠨ ᠲᠦᠮᠡᠨ ᠦ ᠹᠧᠤᠳᠠᠯ ᠨᠤᠶᠠᠳ ᠪᠤᠯᠤᠨ ᠰᠤᠳᠨᠠᠮᠵᠠᠮᠰᠤ ᠪᠠᠷ ᠲᠦᠷᠦᠭᠦᠯᠡᠭᠦᠯᠦᠭᠰᠡᠨ ᠰᠢᠷ᠎ᠠ ᠶᠢᠨ ᠱᠠᠰᠢᠨ ᠤ ᠬᠤᠳᠤᠭᠲᠤ ᠬᠤᠪᠢᠯᠭᠠᠳ ᠬᠠᠮᠰᠠᠵᠤ ᠮᠣᠩᠭᠤᠯ ᠣᠷᠤᠨ ᠳᠤ ᠰᠢᠷ᠎ᠠ ᠶᠢᠨ ᠱᠠᠰᠢᠨ ᠢ ᠳᠡᠯᠭᠡᠷᠡᠭᠦᠯᠵᠡᠢ᠃ ᠡᠢᠮᠦ ᠡᠴᠡ ᠠᠯᠲᠠᠨ ᠬᠠᠭᠠᠨ ᠤ ᠰᠠᠭᠤᠷᠢᠰᠢᠯ ᠪᠤᠯᠬᠤ ᠬᠦᠬᠡᠬᠤᠲᠠ ᠲᠦᠮᠡᠳ ᠣᠷᠤᠨ ᠨᠢ ᠮᠣᠩᠭᠤᠯ ᠣᠷᠤᠨ ᠳᠤ ᠱᠠᠰᠢᠨ ᠳᠡᠯᠭᠡᠷᠡᠭᠦᠯᠬᠦ ᠰᠠᠭᠤᠷᠢᠨ ᠭᠠᠵᠠᠷ ᠪᠤᠯᠵᠤ᠂ ᠮᠠᠨᠵᠤ ᠶᠢᠨ ᠨᠤᠶᠠᠷᠬᠠᠭᠴᠢᠳ ᠠᠴᠠ ᠯᠠᠮᠠ ᠨᠠᠷ ᠤᠨ ᠡᠬᠡᠨᠡᠷ ᠠᠪᠴᠤ ᠪᠤᠯᠬᠤ ᠶᠢ ᠵᠦᠪᠰᠢᠶᠡᠷᠡᠵᠦ ᠪᠠᠢᠵᠠᠢ᠃ ᠭᠡᠪᠡᠴᠦ ᠰᠠᠢᠰᠢᠶᠠᠯᠲᠠᠢ ᠢᠷᠦᠭᠡᠯᠲᠦ ᠶᠢᠨ ᠬᠤᠷᠢᠨ ᠳᠦᠷᠪᠡᠳᠦᠭᠡᠷ (1819) ᠣᠨ ᠳᠤ ᠵᠠᠷᠯᠢᠭ ᠪᠠᠭᠤᠯᠭᠠᠵᠤ᠂ ᠯᠠᠮᠠ ᠨᠠᠷ ᠤᠨ ᠡᠬᠡᠨᠡᠷ ᠠᠪᠬᠤ ᠶᠢ ᠡᠷᠡᠰ ᠴᠠᠭᠠᠵᠠᠯᠠᠵᠠᠢ᠃ ᠲᠡᠷᠡ ᠨᠢ ᠭᠤᠤᠯᠳᠠᠭᠤ ᠤᠯᠤᠰ ᠲᠦᠷᠦ᠂ ᠠᠵᠤ ᠠᠬᠤᠢ᠂ ᠱᠠᠰᠢᠨ ᠰᠤᠷᠲᠠᠬᠤᠨ ᠭᠡᠬᠦ ᠭᠤᠷᠪᠠᠨ ᠬᠦᠴᠦᠰᠦ ᠳᠦ ᠰᠢᠯᠲᠠᠭᠠᠯᠠᠭᠳᠠᠭᠰᠠᠨ ᠪᠠᠢᠳᠠᠭ᠃ |
原文 |
没有原文
|
出自 |
蒙古学研究
2015年
第2期
|