题名 |
ᠰᠢᠨ᠎ᠠ ᠠᠷᠠᠳᠴᠢᠯᠠᠭᠰᠠᠨ ᠬᠤᠪᠢᠰᠬᠠᠯ ᠤᠨ ᠦᠶ ᠡ ᠳ᠋ᠡᠬᠢ ᠨᠠᠮ ᠤᠨ ᠦᠨᠳᠦᠰᠦᠲᠡᠨ ᠤ ᠲᠦᠷᠦ ᠶᠢᠨ ᠪᠣᠳᠤᠯᠭ᠎ᠠ ᠵᠢ ᠲᠣᠷᠰᠢᠨ ᠦᠭᠦᠯᠡᠬᠦ ᠨᠢ |
作者 |
ᠹᠦᠱᠦ᠋ᠨ |
关键词 |
ᠨᠠᠮ ᠤᠨ ᠦᠨᠳᠦᠰᠦᠲᠡᠨ ᠤ ᠲᠦᠷᠦ ᠶᠢᠨ ᠪᠣᠳᠤᠯᠭ᠎ᠠ |
摘要 |
ᠲᠤᠰ ᠦᠭᠦᠯᠡᠯ ᠳ᠋ᠤ᠂ ᠰᠢᠨ᠎ᠡ ᠠᠷᠠᠳᠴᠢᠠᠯᠭᠰᠠᠨ ᠬᠣᠪᠢᠰᠬᠠᠯ ᠤᠨ ᠦᠶ ᠡ ᠳ᠋ᠡᠬᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠨᠳᠦᠰᠦᠲᠡᠨ ᠤ ᠲᠦᠷᠦ ᠶᠢᠨ ᠪᠣᠳᠤᠯᠭ᠎ᠠ ᠶᠢᠨ ᠪᠦᠷᠯᠳᠦᠭᠰᠡᠨ ᠶᠠᠪᠤᠴᠠ ᠵᠢ ᠦᠭᠦᠯᠡᠪᠡ᠃ ᠨᠠᠮ ᠪᠠᠢᠭᠤᠯᠤᠭᠳᠠᠭᠠᠳ ᠨᠡᠯᠢᠶᠡᠳ ᠤᠷᠲᠤ ᠬᠤᠭᠤᠴᠠᠭᠠᠨ ᠳ᠋ᠤ᠂ ᠲᠤᠰᠠᠭᠠᠷ ᠲᠤᠭᠳᠠᠨᠢᠯ ᠪᠠ ᠦᠪᠡᠷᠲᠡᠭᠡᠨ ᠰᠢᠢᠳᠪᠦᠷᠢᠯᠷᠬᠦ ᠡᠷᠬᠡ ᠵᠢ ᠴᠢᠩᠭᠠᠳᠬᠠᠨ᠂ ᠬᠤᠯᠪᠤᠭᠠᠳᠤ ᠤᠯᠤᠰ ᠤᠨ ᠲᠦᠷᠢᠮ ᠢ ᠬᠡᠷᠡᠭᠵᠢᠬᠦᠯᠬᠦ ᠪᠡᠷ ᠵᠣᠷᠢᠵᠤ ᠪᠠᠢᠭᠰᠠᠨ᠂ ᠶᠠᠫᠤᠨ=ᠢ ᠡᠰᠡᠷᠭᠦᠴᠡᠬᠦ ᠲᠠᠢᠨ ᠤ ᠡᠬᠢᠨ ᠤ ᠦᠶ ᠡ ᠳ᠋ᠤ᠂ ᠦᠪᠡᠷᠲᠡᠭᠡᠨ ᠰᠢᠢᠳᠪᠦᠷᠢᠯᠷᠬᠦ ᠪᠠ ᠦᠪᠡᠷᠲᠡᠭᠡᠨ ᠵᠠᠰᠠᠬᠤ ᠵᠢ ᠵᠡᠷᠭᠡᠴᠡᠬᠦᠯᠦᠨ ᠲᠤᠷᠠᠳᠴᠤ᠂ ᠰᠡᠬᠦᠯᠴᠢ ᠶᠢᠨ ᠦᠶ ᠡ ᠳ᠋ᠤᠨᠢ ᠦᠪᠡᠷᠲᠡᠭᠡᠨ ᠵᠠᠰᠠᠬᠤ ᠵᠢ ᠴᠢᠬᠤᠯᠠᠴᠢᠯᠠᠬᠤ ᠪᠣᠯᠤᠭᠰᠠᠨ ᠮᠦᠷᠲᠡᠭᠡᠨ ᠲᠡᠭᠦᠨ ᠢ ᠮᠠᠨ ᠤ ᠤᠯᠤᠰ ᠤᠨ ᠦᠨᠳᠦᠰᠦᠲᠡᠨ ᠤ ᠤᠷᠤᠨ ᠤ ᠠᠰᠠᠭᠤᠳᠠᠯ ᠢ ᠰᠢᠢᠳᠪᠦᠷᠢᠯᠡᠬᠦ ᠦᠨᠳᠦᠰᠨ ᠲᠦᠷᠦ ᠶᠢᠨ ᠪᠣᠳᠤᠯᠭ᠎ᠠ ᠪᠣᠯᠭᠠᠨ ᠲᠤᠭᠲᠠᠭᠠᠵᠠᠢ ᠭᠡᠵᠦ ᠭᠤᠷᠪᠠᠨ ᠱᠠᠲᠤ ᠦᠶ ᠡ ᠬᠣᠪᠢᠶᠠᠨ ᠵᠠᠳᠠᠯᠵᠠᠢ᠃ ᠪᠠᠰᠠ ᠲᠤᠮᠳᠠᠳᠤ ᠤᠯᠤᠰ ᠤᠨ ᠡᠪ ᠬᠠᠮᠳᠤ ᠨᠠᠮ ᠡᠴᠡ ᠡᠨᠡᠬᠦ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠦᠪ ᠤᠨᠤᠪᠴᠢᠲᠠᠢ ᠲᠦᠷᠦ ᠶᠢᠨ ᠪᠣᠳᠤᠯᠭ᠎ᠠ ᠵᠢ ᠲᠤᠭᠲᠠᠭᠠᠭᠰᠠᠨ ᠨᠢ ᠲᠡᠢᠮᠦ ᠬᠢᠯᠪᠠᠷᠬᠠᠨ ᠶᠠᠪᠤᠳᠠᠯ ᠪᠢᠰᠢ ᠶᠣᠮ᠃ ᠬᠠᠷᠢᠨ ᠤᠷᠲᠤ ᠬᠤᠭᠤᠴᠠᠭᠠᠨ ᠤ ᠬᠠᠲᠠᠭᠤ ᠪᠡᠷᠬᠡᠰᠢᠶᠡᠯᠲᠡᠢ ᠤᠨᠤᠯ ᠤᠨ ᠰᠣᠳᠣᠯᠣᠯ ᠪᠠ ᠦᠢᠯᠡᠳᠦᠯᠭᠡ ᠶᠢᠨ ᠰᠢᠨᠵᠢᠯᠡᠯ ᠢ ᠲᠠᠮᠵᠢᠭᠠᠳ ᠰᠠᠶᠢ ᠪᠤᠢ ᠪᠣᠯᠤᠭᠰᠠᠨ ᠲᠣᠬᠠᠢ ᠲᠤᠷᠠᠳᠪᠠ᠃ |
原文 |
没有原文
|
出自 |
内蒙古师范大学学报
1998年
第4期
|