题名 |
ᠳᠡᠭᠡᠳᠦ ᠰᠤᠷᠭᠠᠭᠤᠯᠢ ᠶᠢᠨ ᠲᠡᠭᠦᠰᠬᠦ ᠰᠤᠷᠤᠭᠴᠢᠳ ᠤᠨ ᠠᠵᠢᠯ ᠣᠯᠭᠤᠯᠲᠠ ᠶᠢᠨ ᠠᠰᠠᠭᠤᠳᠠᠯ ᠳᠤ |
作者 |
ᠸᠠᠩ ᠢᠦᠢ; ᠦᠯᠵᠡᠢ᠌ᠬᠤᠳᠠᠭ |
关键词 |
ᠲᠡᠭᠦᠰᠬᠦ ᠰᠤᠷᠤᠭᠴᠢ; ᠠᠵᠢᠯ ᠣᠯᠭᠤᠬᠤ; ᠰᠠᠨᠠᠯ ᠵᠦᠪᠯᠡᠭᠡ |
摘要 |
ᠳᠡᠭᠡᠳᠦ ᠰᠤᠷᠭᠠᠭᠤᠯᠢ ᠶᠢᠨ ᠲᠡᠭᠦᠰᠬᠦ ᠰᠤᠷᠤᠭᠴᠢᠳ ᠤᠨ ᠠᠵᠢᠯ ᠣᠯᠭᠤᠯᠲᠠ ᠶᠢᠨ ᠳᠦᠷᠢᠮ ᠦᠨ ᠦᠭᠡᠷᠡᠴᠢᠯᠡᠯᠲᠡ ᠶᠢᠨ ᠤᠯᠠᠮ ᠨᠢᠭᠡ ᠠᠯᠬᠤᠮ ᠭᠦᠨᠵᠡᠭᠡᠢ᠌ᠷᠡᠬᠦ ᠶᠢ ᠳᠠᠭᠠᠯᠳᠤᠨ ᠲᠡᠭᠦᠰᠬᠦ ᠰᠤᠷᠤᠭᠴᠢᠳ ᠤᠨ ᠠᠵᠢᠯ ᠣᠯᠭᠤᠯᠲᠠ ᠨᠢ ᠰᠢᠨ᠎ᠡ ᠴᠠᠭ ᠦᠶ᠎ᠡ ᠶᠢᠨ ᠳᠡᠭᠡᠳᠦ ᠣᠤᠷᠭᠠᠭᠤᠯᠢ ᠶᠢᠨ ᠬᠦᠨᠳᠦ ᠴᠢᠬᠤᠯᠠ ᠡᠭᠦᠷᠭᠡ ᠪᠤᠯᠵᠤ ᠶᠠᠪᠤᠬᠤ ᠳᠤᠲᠤᠮ ᠴᠢᠬᠤᠯᠠᠴᠢᠯᠠᠭᠳᠠᠬᠤ ᠪᠤᠯᠪᠠ᠃ ᠲᠡᠭᠦᠰᠬᠦ ᠰᠤᠷᠤᠭᠴᠢᠳ ᠤᠨ ᠠᠵᠢᠯ ᠣᠯᠭᠤᠬᠤ ᠠᠵᠢᠯ ᠤᠨ ᠴᠢᠬᠤᠯᠠ ᠴᠢᠨᠠᠷ ᠢ ᠲᠤᠳᠤᠷᠬᠠᠢ ᠲᠠᠨᠢᠵᠤ᠂ ᠠᠵᠢᠯ ᠣᠯᠭᠤᠬᠤ ᠠᠵᠢᠯ ᠢ ᠰᠠᠢ᠌ᠲᠤᠷ ᠬᠢᠬᠦ ᠢᠳᠡᠪᠬᠢᠲᠡᠢ ᠴᠢᠨᠠᠷ ᠪᠤᠯᠤᠨ ᠬᠠᠷᠢᠴᠠᠯᠭᠠᠲᠤ ᠣᠪᠤᠷ ᠢᠶᠠᠨ ᠴᠢᠩ᠋ᠭᠠᠳᠬᠠᠵᠤ ᠦᠨᠳᠦᠷ ᠪᠦᠲᠦᠮᠵᠢᠲᠡᠢ ᠠᠷᠭ᠎ᠠ ᠬᠡᠮᠵᠢᠶ᠎ᠡ ᠰᠦᠪᠡᠭ᠍ᠴᠢᠯᠡᠵᠦ᠂ ᠬᠤᠪᠢᠶᠠᠷᠢᠯᠠᠯᠲᠠ ᠶᠢᠨ ᠠᠵᠢᠯ ᠳᠤ ᠲᠤᠯᠭᠠᠷᠠᠭᠰᠠᠨ ᠡᠯ᠎ᠡ ᠵᠤᠢ᠌ᠯ ᠤᠨ ᠬᠦᠴᠢᠷᠲᠡᠯ ᠪᠡ ᠠᠰᠠᠭᠤᠳᠠᠯ ᠢ ᠲᠠᠰᠤᠷᠠᠯᠲᠠ ᠦᠭᠡᠢ ᠰᠢᠢᠳᠪᠦᠷᠢᠯᠡᠬᠦ ᠪᠤᠯ ᠳᠡᠭᠡᠳᠦ ᠰᠤᠷᠭᠠᠭᠤᠯᠢ ᠶᠢᠨ ᠰᠢᠯᠵᠢᠭᠦᠯᠵᠦ ᠪᠤᠯᠤᠰᠢ ᠦᠭᠡᠢ ᠠᠵᠢᠯ ᠤᠨ ᠬᠠᠷᠢᠭᠤᠴᠠᠯᠭ᠎ᠠ ᠪᠤᠯᠤᠨ᠎ᠠ᠃ ᠳᠡᠭᠡᠳᠦ ᠰᠤᠷᠭᠠᠭᠤᠯᠢ ᠶᠢᠨ ᠲᠡᠭᠦᠰᠬᠦ ᠰᠤᠷᠤᠭᠴᠢᠳ ᠲᠤ ᠠᠵᠢᠯ ᠣᠯᠭᠤᠬᠤ ᠠᠵᠢᠯ ᠢ ᠤᠯᠠᠮ ᠨᠢᠭᠡ ᠠᠯᠬᠤᠮ ᠰᠠᠢ᠌ᠲᠤᠷ ᠬᠢᠬᠦ ᠶᠢᠨ ᠲᠦᠯᠦᠭᠡ ᠲᠤᠰ ᠦᠭᠦᠯᠡᠯ ᠳᠦ ᠪᠦᠲᠦᠬᠡᠨ ᠪᠠᠢ᠌ᠭᠤᠯᠤᠯᠲᠠ ᠶᠢᠨ ᠴᠢᠨᠠᠷᠲᠠᠢ ᠭᠤᠤᠯᠳᠠᠯᠭ᠎ᠠ ᠲᠠᠢ ᠬᠡᠳᠦᠨ ᠰᠠᠨᠠᠯ ᠳᠤᠷᠠᠳᠪᠠ᠃ |
原文 |
没有原文
|
出自 |
蒙古学研究
2003年
第4期
|