题名 |
ᠴᠢᠩᠭᠢᠰ ᠬᠠᠭᠠᠨ ᠬᠢᠭᠡᠳ ᠪᠦᠬᠡ ᠮᠦᠷᠭᠦᠯ ᠦᠨ ᠬᠠᠮᠢᠶᠠᠷᠤᠯᠲᠠ ᠶᠢᠨ ᠬᠡᠪ ᠰᠤᠷᠲᠠᠯ — ᠳᠡᠪ ᠲᠡᠭᠷᠢ ᠡᠴᠡ ᠪᠡᠬᠢ ᠨᠤᠶᠠᠨ ᠬᠦᠷᠲᠡᠯ᠎ᠡ |
作者 |
ᠡᠦ ᠪᠤᠤ ᠱᠠᠨ |
关键词 |
ᠴᠢᠩᠭᠢᠰ ᠬᠠᠭᠠᠨ; ᠪᠦᠬᠡ ᠮᠦᠷᠭᠦᠯ; ᠬᠠᠮᠢᠶᠠᠷᠤᠯᠲᠠ; ᠬᠡᠪ ᠰᠤᠷᠲᠠᠯ |
摘要 |
ᠪᠡᠬᠢ ᠨᠤᠶᠠᠨ ᠬᠢᠭᠡᠳ ᠲᠡᠪ ᠲᠡᠭᠷᠢ ᠨᠢ ᠴᠢᠩᠭᠢᠰ ᠬᠠᠭᠠᠨ ᠤ ᠪᠦᠬᠦᠢ᠌ᠯᠡ ᠱᠠᠰᠢᠨ ᠰᠤᠷᠲᠠᠬᠤᠨ ᠤ ᠦᠵᠡᠯ ᠰᠠᠨᠠᠭᠠᠨ ᠤ ᠭᠤᠤᠯ ᠴᠢᠬᠤᠯᠠ ᠪᠦᠷᠢᠯᠳᠦᠭᠦᠨ ᠪᠤᠯᠤᠭᠰᠠᠨ ᠤ ᠬᠤᠪᠢ ᠳᠤ᠂ ᠲᠡᠭᠦᠨ ᠳᠦ ᠮᠣᠩ᠋ᠭᠤᠯ ᠤᠯᠠᠮᠵᠢᠯᠠᠯᠲᠤ ᠰᠢᠲᠦᠯᠭᠡ ᠪᠢᠰᠢᠷᠡᠯ ᠦᠨ ᠰᠤᠶᠤᠯ ᠤᠨ ᠵᠠᠩ ᠦᠢᠯᠡ ᠶᠢᠨ ᠣᠨᠴᠠᠯᠢᠭ ᠰᠢᠨᠵᠢ ᠬᠠᠳᠠᠭᠠᠯᠠᠭᠳᠠᠵᠤ ᠪᠠᠢ᠌ᠬᠤ ᠪᠠᠷ ᠦᠯᠦ ᠪᠠᠷᠠᠨ᠂ ᠨᠡᠩ ᠴᠢᠬᠤᠯᠠ ᠨᠢ ᠮᠣᠩ᠋ᠭᠤᠯ ᠤᠯᠠᠮᠵᠢᠯᠠᠯᠲᠤ ᠬᠠᠮᠢᠶᠠᠷᠤᠯᠲᠠ ᠶᠢᠨ ᠰᠤᠶᠤᠯ᠂ ᠢᠯᠠᠩ᠋ᠭᠤᠶ᠎ᠠ ᠵᠠᠩᠰᠢᠯ ᠤᠨ ᠬᠠᠤᠯᠢ ᠶᠢᠨ ᠬᠡᠪ ᠨᠠᠮᠪᠠ᠂ ᠦᠭᠡᠷ᠎ᠡ ᠪᠡᠷ ᠬᠡᠯᠡᠪᠡᠯ ᠳᠠᠳᠬᠠᠯ ᠢᠶᠠᠷ ᠵᠠᠰᠠᠬᠤ ᠵᠠᠩ ᠦᠢᠯᠡ᠂ ᠣᠨᠴᠠᠭᠠᠢ᠌ᠯᠠᠨ ᠢᠷᠭᠡᠳ ᠦᠨ ᠬᠡᠪ ᠰᠤᠷᠲᠠᠯ ᠢ ᠲᠦᠷᠦ ᠶᠢᠨ ᠵᠠᠰᠠᠭ ᠬᠠᠤᠯᠢ ᠪᠤᠯᠭᠠᠨ ᠵᠢᠷᠤᠮᠵᠢᠭᠤᠯᠬᠤ ᠵᠤᠷᠢᠭ ᠰᠠᠨᠠᠭ᠎ᠠ ᠠᠬᠤᠭᠤᠯᠤᠭᠳᠠᠵᠤ ᠪᠠᠢ᠌ᠭ᠎ᠠ ᠶᠤᠮ᠃ ᠦᠭᠦᠯᠡᠯ ᠳᠦ ᠂ ᠮᠣᠩ᠋ᠭᠤᠯᠴᠤᠳ ᠤᠨ ᠤᠯᠠᠮᠵᠢᠯᠠᠯᠲᠤ ᠪᠦᠬᠡ ᠮᠦᠷᠭᠦᠯ ᠦᠨ ᠡᠵᠡᠨ ᠰᠢᠲᠦᠭᠡᠨ ᠪᠤᠯᠬᠤ ᠮᠦᠩᠬᠡ ᠲᠡᠭᠷᠢ᠂ ᠲᠡᠭᠦᠨ ᠦ ᠡᠵᠡᠮᠰᠢᠯ ᠳᠤᠤᠷᠠᠬᠢ ᠬᠠᠷ᠎ᠠ ᠪᠠ ᠴᠠᠭᠠᠨ ᠵᠦᠭ ᠦᠨ ᠲᠡᠭᠷᠢ᠂ ᠶᠡᠬᠡ ᠮᠣᠩ᠋ᠭᠤᠯ ᠤᠨ ᠵᠠᠰᠠᠭ ᠲᠦᠷᠦ ᠶᠢᠨ ᠪᠡᠯᠭᠡ ᠲᠡᠮᠳᠡᠭ ᠪᠤᠯᠤᠭᠰᠠᠨ ᠬᠠᠷ᠎ᠠ ᠪᠠ ᠴᠠᠭᠠᠨ ᠰᠦᠯᠳᠡ ᠵᠢᠴᠢ ᠴᠢᠩᠭᠢᠰ ᠬᠠᠭᠠᠨ ᠤ ᠲᠦᠷᠦ ᠶᠢᠨ ᠠᠶᠤᠯᠭᠠᠬᠤ ᠪᠤᠶᠤ ᠪᠢᠰᠢᠷᠡᠭᠦᠯᠬᠦ ᠦᠢᠯᠡᠳᠦᠯ ᠪᠦᠬᠦᠢ ᠬᠠᠰᠪᠤᠤ ᠲᠠᠮᠠᠭ᠎ᠠ ᠶᠢᠨ ᠲᠤᠬᠠᠢ ᠰᠤᠳᠤᠯᠭᠠᠨ ᠳᠤ ᠰᠠᠭᠤᠷᠢᠥᠯᠠᠵᠤ᠂ ᠲᠡᠪ ᠲᠡᠭᠷᠢ ᠬᠢᠭᠡᠳ ᠪᠡᠬᠢ ᠨᠤᠶᠠᠨ ᠤ ᠤᠯᠤᠰ ᠲᠦᠷᠦ ᠶᠢᠨ ᠪᠠᠢ᠌ᠷᠢ ᠰᠠᠭᠤᠷᠢ᠂ ᠲᠡᠳᠡᠭᠡᠷ ᠦᠨ ᠳᠤᠲᠤᠭᠠᠳᠤ ᠬᠠᠷᠢᠴᠠᠭ᠎ᠠ ᠬᠤᠯᠪᠤᠭ᠎ᠠ᠂ ᠦᠢᠯᠡᠳᠦᠯ ᠴᠢᠳᠠᠮᠵᠢ ᠶᠢ ᠵᠠᠳᠠᠯᠤᠨ ᠰᠢᠨᠵᠢᠯᠡᠬᠦ ᠪᠡᠷ ᠳᠠᠮᠵᠢᠨ᠂ ᠴᠢᠩᠭᠢᠰ ᠬᠠᠭᠠᠨ ᠬᠢᠭᠡᠳ ᠪᠦᠬᠡ ᠮᠦᠷᠭᠦᠯ ᠦᠨ ᠬᠠᠮᠢᠶᠠᠷᠤᠯᠲᠠ ᠶᠢᠨ ᠬᠡᠪ ᠰᠤᠷᠲᠠᠯ ᠯᠤᠭ᠎ᠠ ᠶᠢᠨ ᠬᠤᠭᠤᠷᠤᠨᠳᠤᠬᠢ ᠳᠤᠲᠤᠭᠠᠳᠤ ᠬᠠᠷᠢᠴᠠᠭ᠎ᠠ ᠬᠤᠯᠪᠤᠭ᠎ᠠ ᠶᠢ ᠲᠤᠳᠤᠷᠬᠠᠢ᠌ᠯᠠᠨ ᠲᠠᠢ᠌ᠯᠪᠤᠷᠢᠯᠠᠬᠤ ᠶᠢ ᠵᠤᠷᠢᠪᠠ᠃ |
原文 |
查看原文
|
出自 |
中国蒙古学
2014年
第2期
|